ᠦᠢᠯᠡᠳᠪᠦᠷᠢᠯᠡᠯ ᠢᠶ᠋ᠡᠨ ᠬᠥᠭᠵᠢᠭᠦᠯᠬᠦ ᠠᠯᠲᠠᠨ ᠪᠣᠯᠣᠮᠵᠢ ᠲᠣᠬᠢᠶᠠᠵᠤ ᠪᠠᠶᠢᠨ᠎ᠠ | News.MN

  ᠦᠢᠯᠡᠳᠪᠦᠷᠢᠯᠡᠯ ᠢᠶ᠋ᠡᠨ ᠬᠥᠭᠵᠢᠭᠦᠯᠬᠦ ᠠᠯᠲᠠᠨ ᠪᠣᠯᠣᠮᠵᠢ ᠲᠣᠬᠢᠶᠠᠵᠤ ᠪᠠᠶᠢᠨ᠎ᠠ

 

ᠤᠯᠠᠭᠠᠨᠪᠠᠭᠠᠲᠤᠷ ᠬᠣᠲᠠ ᠶ᠋ᠢᠨ ᠬᠤᠳᠠᠯᠳᠤᠭᠠᠨ ᠤ ᠲᠠᠩᠬᠢᠮ ᠂ CEO ᠺᠯᠦ᠋ᠪ ᠂ ᠨᠣᠣᠰᠣ ᠨᠤᠯᠤᠤᠷ᠂ ᠠᠷᠠᠰᠤ ᠰᠢᠷᠢᠨ ᠦ ᠬᠣᠯᠪᠣᠭᠠᠨ ᠡᠴᠠ  ᠪᠢᠽᠢᠨᠧᠰ ᠦᠨ ᠬᠢᠨ ᠳ᠋ᠦ ᠤᠴᠠᠷᠠᠵᠤ ᠪᠤᠢ ᠨᠥᠬᠥᠴᠡᠯ ᠪᠠᠶᠢᠳᠠᠯ ᠲᠠᠢ ᠬᠣᠯᠪᠣᠭᠠᠲᠠᠢ ᠮᠡᠳᠡᠭᠡᠯᠡᠯ ᠬᠢᠯ᠎ᠡ ᠃ ᠲᠡᠳᠡ ᠄ ᠦᠨᠳᠦᠰᠦᠨ ‍ᠣ ᠦᠢᠯᠡᠳᠪᠦᠷᠢᠯᠡᠯ ᠤᠷᠤᠭᠤ ᠴᠢᠭᠯᠡᠭᠰᠡᠨ ᠬᠠᠤᠯᠢ ᠡᠷᠬᠡ ᠵᠦᠢ ᠶ᠋ᠢᠨ ᠣᠷᠴᠢᠨ ᠲᠥᠭᠡᠷᠢᠳᠡᠭ ᠪᠠᠶᠢᠰᠢᠩ ᠰᠢᠭ᠋ ᠪᠠᠶᠢᠨ᠎ᠠ ᠃ ᠦᠨᠳᠦᠰᠦᠨ ‍ᠣ ᠦᠢᠯᠡᠳᠪᠦᠷᠢᠯᠡᠯ ᠡᠷᠬᠢᠯᠡ ᠂ ᠵᠢᠵᠢᠭ ᠳᠤᠮᠳᠠ ᠦᠢᠯᠡᠳᠪᠦᠷᠢᠯᠡᠯ ᠢ ᠬᠥᠭᠵᠢᠭᠦᠯᠦᠨ᠎ᠡ ᠭᠡᠳᠡᠭ ᠬᠢᠷᠢᠨ᠎ᠡ ᠡᠷᠬᠡ ᠵᠦᠢ ᠶ᠋ᠢᠨ ᠣᠷᠴᠢᠨ ᠨᠢ ᠦᠨᠡᠬᠡᠷ ᠬᠠᠩᠭᠠᠯᠲᠠ ᠦᠭᠡᠢ ᠪᠠᠶᠢᠳᠠᠭ᠃ ᠬᠠᠤᠯᠢ ᠳᠦ ᠲᠥᠷᠥ ᠶ᠋ᠢᠨ ᠪᠠᠶᠢᠭᠤᠯᠭ᠎ᠠ ᠨᠣᠭᠣᠳ ᠦᠨᠳᠦᠰᠦᠨ ‍ᠣ ᠦᠢᠯᠡᠳᠪᠦᠷᠢᠯᠡᠭᠴᠢᠳ ᠡᠴᠠ ᠪᠠᠷᠠᠭ᠎ᠠ ᠮᠠᠲ᠋ᠧᠷᠢᠶᠠᠯ ᠬᠤᠳᠠᠯᠳᠤᠨ ᠠᠪᠬᠤ ᠲᠤᠬᠠᠢ ᠵᠢᠭᠠᠭᠰᠠᠨ ᠪᠠᠶᠢᠳᠠᠭ ᠴᠦ ᠳᠣᠣᠷᠠᠳᠤ ᠱᠠᠲᠤᠨ ᠳ᠋ᠤ ᠪᠠᠨ ᠡᠨᠡ ᠬᠠᠤᠯᠢ ᠬᠡᠷᠡᠭᠵᠢᠬᠦ ᠦᠭᠡᠢ ᠪᠠᠶᠢᠨ᠎ᠠ ᠃ ᠡᠬᠡ ᠣᠷᠣᠨᠴᠢ ᠬᠤᠳᠠᠯᠳᠤᠨ ᠠᠪᠤᠯᠲᠠ ᠬᠢᠬᠦ ᠦᠭᠡᠢ ᠪᠠᠶᠢᠨ᠎ᠠ ᠃ ᠡᠨᠡ ᠲᠤᠬᠠᠢ ᠪᠢᠳᠠ ᠲᠧᠨ᠋ᠳᠧᠷ ᠤᠨ ᠦᠨᠳᠦᠰᠦᠨ ‍ᠣ ᠬᠣᠷᠢᠶᠠᠨ ᠳᠤ ᠬᠡᠯᠡᠵᠦ ᠂ ᠬᠤᠳᠠᠯᠳᠤᠨ ᠠᠪᠤᠯᠲᠠ ᠳ᠋ᠤ ᠨᠢ ᠳ᠋ᠦᠩᠨᠡᠯᠲᠡ ᠬᠢᠬᠦ ᠳ᠋ᠥ ᠬᠡᠷᠡᠭᠵᠢᠬᠦ ᠦᠭᠡᠢ ᠪᠠᠶᠢᠭ᠎ᠠ ᠃

ᠥᠨᠥᠳᠥᠷ ᠺᠣᠷᠣᠨᠠ ᠸᠢᠷᠦ᠋ᠰ ᠡᠴᠡ ᠤᠷᠢᠳᠴᠢᠯᠠᠨ ᠰᠡᠷᠭᠡᠶᠢᠯᠡᠬᠦ ᠶ᠋ᠢᠨ ᠲᠤᠯᠠᠳᠠ ᠲᠥᠷᠥ ᠡᠴᠡ ᠬᠢᠵᠠᠭᠠᠷᠯᠠᠯᠲᠠ ᠶ᠋ᠢᠨ ᠠᠷᠭ᠎ᠠ ᠬᠡᠮᠵᠢᠶ᠎ᠡ ᠠᠪᠴᠤ ᠪᠠᠶᠢᠭ᠎ᠠ ᠲᠠᠢ ᠬᠣᠯᠪᠣᠭᠠᠲᠠᠢ ᠪᠡᠷ ᠪᠢᠽᠢᠨᠧᠰ ᠦᠨ ᠦᠢᠯᠡ ᠠᠵᠢᠯᠯᠠᠭ᠎ᠠ ᠳᠣᠭᠣᠯᠳᠠᠵᠤ ᠪᠠᠶᠢᠨ᠎ᠠ ᠃ ᠦᠨᠳᠦᠰᠦᠨ ‍ᠣ ᠦᠢᠯᠡᠳᠪᠤᠷᠢᠯᠡᠯ ᠤᠳ ᠬᠠᠭᠠᠯᠭ᠎ᠠ ᠪᠠᠨ ᠪᠠᠷᠢᠵᠤ ᠪᠠᠶᠢᠨ᠎ᠠ ᠃ ᠵᠠᠷᠢᠮ ᠨᠢ ᠠᠵᠢᠯᠲᠠᠨ ᠢᠶᠡᠨ ᠴᠣᠮᠬᠠᠳᠬᠠᠵᠤ ᠂ ᠲᠦᠷ ᠵᠣᠭᠰᠣᠯᠲᠠ ᠬᠢᠬᠦ ᠳ᠋ᠥ ᠬᠦᠷᠦᠭᠡᠳ ᠪᠠᠶᠢᠨ᠎ᠠ ᠃ ᠲᠡᠶᠢᠮᠦ ᠡᠴᠡ ᠲᠥᠷᠥ ᠡᠴᠡ ᠠᠷᠭ᠎ᠠ ᠬᠡᠮᠵᠢᠶ᠎ᠡ ᠠᠪᠴᠤ ᠂ ᠦᠨᠳᠦᠰᠦᠨ ‍ᠣ ᠦᠢᠯᠡᠳᠪᠦᠷᠢ ᠡᠴᠡ ᠲᠥᠷᠥ ᠶ᠋ᠢᠨ ᠱᠠᠭᠠᠷᠳᠠᠯᠭ᠎ᠠ ᠲᠠᠢ ᠪᠠᠷᠠᠭ᠎ᠠ ᠮᠠᠲ᠋ᠧᠷᠢᠶᠠᠯ ᠢ ᠬᠤᠳᠠᠯᠳᠤᠨ ᠠᠪᠬᠤ ᠶ᠋ᠢ ᠬᠦᠰᠡᠵᠦ ᠪᠠᠶᠢᠨ᠎ᠠ᠃ ᠣᠳᠣ ᠪᠣᠯ ᠳᠣᠲᠣᠭᠠᠳᠤ ᠶ᠋ᠢᠨ ᠦᠢᠯᠡᠳᠪᠦᠷᠢᠯᠡᠯ ᠢᠶ᠋ᠡᠨ ᠬᠥᠭᠵᠢᠭᠦᠯᠬᠦ ᠠᠯᠲᠠᠨ ᠦᠶ᠎ᠡ ᠲᠣᠬᠢᠶᠠᠵᠤ ᠪᠠᠶᠢᠨ᠎ᠠ ᠃ ᠮᠣᠩᠭᠣᠯ ᠤᠯᠤᠰ ᠵᠢᠯ ᠳ᠋ᠥ 1.2  1.5 ᠶᠡᠬᠡ ᠨᠠᠶᠤᠳ ᠲᠥᠭᠥᠷᠢᠭ ᠤᠨ ᠬᠤᠳᠠᠯᠳᠤᠨ ᠠᠪᠤᠯᠲᠠ ᠬᠢᠳᠡᠭ ᠃ ᠡᠭᠦᠨ ‍ᠣ ᠭᠤᠷᠪᠠᠬᠠᠨ ᠬᠤᠪᠢ ᠶ᠋ᠢ ᠳᠣᠲᠣᠭᠠᠳᠤ ᠶ᠋ᠢᠨ ᠦᠢᠯᠡᠳᠪᠦᠷᠢᠯᠡᠯ ᠡᠴᠡ ᠠᠪᠳᠠᠭ ᠃ 2018 ᠣᠨ ᠳᠤ 46 ᠂ 2019 ᠣᠨ ᠳᠤ 92.7 ᠬᠤᠪᠢ ᠶ᠋ᠢ ᠦᠨᠳᠦᠰᠦᠨ ‍ᠣ ᠥ ᠦᠢᠯᠡᠳᠪᠦᠷᠢᠯᠡᠯ ᠡᠴᠡ ᠠᠪᠤᠭᠰᠠᠨ ᠪᠠᠶᠢᠳᠠᠭ  ᠭᠡᠯ᠎ᠡ ᠃

 

ᠰᠡᠳᠬᠢᠭᠳᠡᠯ ᠦᠯᠡᠳᠡᠭᠡᠬᠦ