ᠵᠢᠭᠡᠯᠡᠯᠭᠡ ᠣᠯᠭᠣᠬᠤ ᠵᠢᠷᠤᠮ ᠢ ᠰᠢᠨᠡᠴᠢᠯᠡᠪᠡ | News.MN

ᠵᠢᠭᠡᠯᠡᠯᠭᠡ ᠣᠯᠭᠣᠬᠤ ᠵᠢᠷᠤᠮ ᠢ ᠰᠢᠨᠡᠴᠢᠯᠡᠪᠡ

 

ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ︽ᠶᠢᠵᠢᠭ ᠳᠤᠮᠳᠠ ᠦᠢᠯᠡᠳᠪᠦᠷᠢ ᠶ᠋ᠢ ᠬᠥᠭᠵᠢᠭᠦᠯᠬᠦ ᠰᠠᠩ ᠡᠴᠠ ᠬᠥᠩᠭᠡᠯᠡᠯᠲᠡ ᠲᠠᠢ ᠵᠢᠭᠡᠯᠡᠯᠭᠡ ᠣᠯᠭᠣᠬᠤ᠂ ᠰᠣᠩᠭᠣᠨ ᠰᠢᠯᠭᠠᠷᠠᠭᠤᠯᠬᠤ ᠂ ᠳᠠᠮᠵᠢᠭᠤᠯᠤᠨ ᠵᠢᠭᠡᠯᠡᠳᠦᠭᠦᠯᠬᠦ ᠂ ᠡᠷᠭᠢᠨ ᠲᠥᠯᠥᠭᠦᠯᠬᠦ ᠂ ᠬᠢᠨᠠᠯᠲᠠ ᠲᠠᠯᠪᠢᠬᠤ︾ ᠵᠢᠷᠤᠮ ᠢ ᠰᠢᠨᠡᠴᠢᠯᠡᠨ  ᠪᠠᠲᠤᠯᠠᠵᠤ᠂ 2019 ᠣᠨ ᠳᠤ ᠪᠠᠲᠤᠯᠠᠭᠳᠠᠭᠰᠠᠨ ᠵᠢᠷᠤᠮ ᠤᠨ ᠶᠡᠷᠦᠩᠬᠡᠢ ᠪᠦᠲᠦᠴᠡ ᠠᠭᠤᠯᠭ᠎ᠠ ᠶ᠋ᠢ ᠠᠯᠳᠠᠭᠳᠠᠭᠤᠯᠬᠤ ᠦᠭᠡᠢ ᠪᠡᠷ ᠳᠠᠷᠠᠭᠠᠬᠢ ᠭᠣᠣᠯ ᠵᠣᠬᠢᠴᠠᠭᠤᠯᠤᠯᠲᠠ ᠨᠤᠭᠤᠳ ᠢ ᠨᠡᠮᠡᠵᠦ ᠣᠷᠣᠭᠤᠯᠵᠠᠢ ᠃

  • ᠪᠢᠴᠢᠯ ᠂ ᠵᠢᠵᠢᠭ ᠂ ᠳᠤᠮᠳᠠ ᠠᠩᠭᠢᠯᠠᠯ ᠳ᠋ᠤ ᠬᠠᠮᠢᠶᠠᠷᠬᠤ ᠵᠢᠭᠡᠯᠡᠯᠭᠡ ᠶ᠋ᠢᠨ ᠬᠡᠮᠵᠢᠶ᠎ᠡ ᠶ᠋ᠢ ᠲᠣᠭᠲᠠᠭᠠᠭᠰᠠᠨ ᠂
  • ᠬᠥᠩᠭᠡᠯᠡᠯᠲᠡ ᠲᠠᠢ ᠵᠢᠭᠡᠯᠡᠯᠭᠡ ᠣᠯᠭᠣᠬᠤ ᠬᠡᠯᠪᠡᠷᠢ ᠶ᠋ᠢ ᠬᠠᠤᠯᠢ ᠶ᠋ᠢᠨ ᠬᠦᠷᠢᠶᠡᠨ ᠳ᠋ᠥ ᠰᠢᠨᠡᠴᠢᠯᠡᠨ ᠵᠣᠬᠢᠴᠠᠭᠤᠯᠤᠭᠰᠠᠨ ᠂
  • ᠳᠠᠮᠵᠢᠭᠤᠯᠤᠨ ᠵᠢᠭᠡᠯᠡᠳᠦᠭᠦᠯᠬᠦ ᠠᠷᠠᠯᠵᠢᠶᠠᠨ ᠤ ᠪᠠᠩᠬᠢ ᠳ᠋ᠤ ᠲᠠᠯᠪᠢᠭᠳᠠᠬᠤ ᠱᠠᠭᠠᠷᠳᠠᠯᠭ᠎ᠠ ᠶ᠋ᠢ ᠪᠠᠭᠤᠷᠠᠭᠤᠯᠵᠤ ᠂ ᠥᠷᠢᠰᠦᠯᠳᠦᠭᠡᠨ ᠢ ᠨᠡᠮᠡᠭᠳᠡᠭᠦᠯᠦᠭᠰᠡᠨ ᠂
  • ᠬᠣᠷᠢᠶ᠎ᠠ ᠂ ᠳᠡᠳ᠋ ᠬᠣᠷᠢᠶᠠᠨ ᠤ ᠭᠡᠰᠢᠭᠦᠨ ᠳ᠋ᠦ ᠲᠠᠯᠪᠢᠭᠳᠠᠬᠤ ᠱᠠᠭᠠᠷᠳᠠᠯᠭ᠎ᠠ ᠪᠤᠢ ᠪᠣᠯᠭᠠᠭᠰᠠᠨ ᠂
  • ᠣᠷᠣᠨ ᠨᠤᠲᠤᠭ ᠲᠤ ᠣᠯᠭᠣᠬᠤ ᠵᠢᠭᠡᠯᠡᠯᠭᠡ ᠶ᠋ᠢᠨ ᠬᠡᠮᠵᠢᠶ᠎ᠡ ᠶ᠋ᠢ ᠨᠡᠮᠡᠭᠰᠡᠨ ᠂
  • ᠵᠢᠭᠡᠯᠡᠯᠭᠡ ᠶ᠋ᠢᠨ ᠮᠡᠳᠡᠭᠡᠯᠡᠯ  ᠤᠨ ᠰᠠᠩ ᠡᠭᠦᠰᠬᠡᠬᠦ ᠂ ᠡᠷᠭᠢᠨ ᠲᠥᠯᠥᠭᠦᠯᠬᠦ ᠂ ᠬᠢᠨᠠᠯᠲᠠ ᠲᠠᠯᠪᠢᠬᠤ ᠦᠢᠯᠡ ᠠᠵᠢᠯᠯᠠᠭᠠᠨ ᠤ ᠵᠣᠬᠢᠴᠠᠭᠤᠯᠤᠯᠲᠠ ᠶ᠋ᠢ ᠪᠤᠢ ᠪᠣᠯᠭᠠᠭᠰᠠᠨ ᠃
ᠰᠡᠳᠬᠢᠭᠳᠡᠯ ᠦᠯᠡᠳᠡᠭᠡᠬᠦ