ᠣᠯᠠᠨ ᠤᠯᠤᠰ ᠤᠨ ᠰᠫᠣᠷᠲ ᠤᠨ  ᠬᠤᠯᠪᠤᠭᠠᠳ ᠣᠶᠢᠯᠠᠭᠠᠮᠵᠢ ᠦᠭᠡᠢ ᠪᠠᠶᠢᠳᠠᠯ ᠳᠤ ᠤᠷᠤᠵᠠᠢ | News.MN

ᠣᠯᠠᠨ ᠤᠯᠤᠰ ᠤᠨ ᠰᠫᠣᠷᠲ ᠤᠨ  ᠬᠤᠯᠪᠤᠭᠠᠳ ᠣᠶᠢᠯᠠᠭᠠᠮᠵᠢ ᠦᠭᠡᠢ ᠪᠠᠶᠢᠳᠠᠯ ᠳᠤ ᠤᠷᠤᠵᠠᠢ

 

ᠣᠯᠠᠨ ᠤᠯᠤᠰ ᠤᠨ ᠤᠯᠢᠮᠫᠢᠺ ᠤᠨ ᠬᠣᠷᠢᠶ᠎ᠠ ᠡᠴᠠ ︽ᠲᠣᠣᠺᠢᠣ᠋  2020︾ ᠣᠯᠢᠮᠫᠢᠺ ᠤᠨ ᠨᠠᠭᠠᠳᠤᠮ ᠢ  ᠬᠤᠶᠢᠰᠢᠯᠠᠭᠤᠯᠤᠭᠰᠠᠨ ᠤ ᠳᠠᠷᠠᠭ᠎ᠠ ᠣᠯᠠᠨ ᠤᠯᠤᠰ ᠤᠨ ᠰᠫᠣᠷᠲ ᠤᠨ  ᠬᠤᠯᠪᠤᠭᠠᠳ ᠲᠤᠩ ᠣᠶᠢᠯᠠᠭᠠᠮᠵᠢ ᠦᠭᠡᠢ ᠪᠠᠶᠢᠳᠠᠯ ᠳᠤ ᠣᠷᠣᠭᠠᠳ ᠪᠠᠶᠢᠨ᠎ᠠ ᠃ ᠣᠯᠢᠮᠫᠢᠺ ᠤᠨ ᠨᠠᠭᠠᠳᠤᠮ ᠡᠬᠢᠯᠡᠬᠦ ᠲᠣᠳᠣᠷᠬᠠᠢ ᠬᠤᠭᠤᠴᠠᠭ᠎ᠠ  ᠵᠢᠭᠠᠭᠳᠠᠭ᠎ᠠ ᠦᠭᠡᠢ᠂ ᠺᠣᠷᠣᠨᠠ ᠸᠢᠷᠦ᠋ᠰ ᠦᠨ ᠬᠠᠯᠳᠠᠪᠤᠷᠢ ᠵᠣᠭᠰᠣᠬᠤ ᠨᠢ ᠡᠰᠡᠬᠦ ᠮᠡᠳᠡᠭᠳᠡᠬᠦ ᠦᠭᠡᠢ ᠪᠠᠶᠢᠭ᠎ᠠ ᠪᠢᠯᠡ᠃ ᠳᠡᠯᠡᠬᠡᠢ ᠶ᠋ᠢᠨ ᠪᠥᠬᠡ ᠶ᠋ᠢᠨ ᠨᠢᠭᠡᠳᠦᠭᠰᠡᠨ ᠬᠣᠯᠪᠣᠭᠠᠨ ᠤ ᠶᠡᠷᠦᠩᠬᠡᠶᠢᠯᠡᠭᠴᠢ ᠨᠧᠨᠠᠳ᠋ ᠯᠠᠯᠤᠸᠢᠴ ᠮᠡᠳᠡᠭᠳᠡᠯ ᠬᠢᠯ᠎ᠡ᠃ ᠲᠡᠷᠡ ᠪᠡᠷ᠄ ᠤᠯᠢᠮᠫᠢᠺ ᠤᠨ ᠬᠤᠭᠤᠴᠠᠭ᠎ᠠ ᠣᠳᠣ ᠪᠡᠷ ᠲᠣᠳᠣᠷᠬᠠᠢ ᠪᠤᠰᠤ ᠪᠠᠶᠢᠨ᠎ᠠ᠃ ᠪᠢᠳᠠ ᠣᠯᠠᠨ ᠤᠯᠤᠰ ᠤᠨ ᠤᠯᠢᠮᠫᠢᠺ  ᠤᠨ ᠬᠣᠷᠢᠶ᠎ᠠ ᠡᠴᠠ ᠣᠯᠢᠮᠫᠢᠺ ᠤᠨ ᠡᠷᠬᠡ ᠶ᠋ᠢᠨ ᠲᠡᠮᠡᠴᠡᠭᠡᠨ ‍ᠣ ᠲᠠᠯ᠎ᠠ ᠪᠡᠷ ᠵᠢᠭᠠᠪᠤᠷᠢ ᠬᠦᠯᠢᠶᠡᠵᠦ ᠪᠠᠶᠢᠨ᠎ᠠ᠃ ᠵᠢᠭᠠᠪᠤᠷᠢ ᠢᠷᠡᠭᠰᠡᠨ  ᠳᠠᠷᠤᠢ ᠳᠤ ᠰᠢᠨ᠎ᠡ ᠬᠤᠪᠢᠶᠠᠷᠢ ᠶ᠋ᠢ ᠪᠠᠲᠤᠯᠠᠬᠤ ᠪᠣᠯᠣᠨ᠎ᠠ ᠃ ᠬᠡᠵᠢᠶ᠎ᠡ ᠲᠡᠮᠡᠴᠡᠭᠡᠨ ᠪᠣᠯᠬᠤ ᠨᠢ ᠮᠡᠳᠡᠭᠳᠡᠬᠦ ᠦᠭᠡᠢ ᠪᠠᠶᠢᠭ᠎ᠠ ᠨᠢ ᠪᠥᠬᠡᠴᠦᠳ ᠦᠨ ᠪᠡᠯᠡᠳᠬᠡᠯ ᠰᠤᠷᠭᠠᠭᠤᠯᠢᠯᠲᠠ ᠳᠤ ᠨᠥᠯᠥᠭᠡᠯᠡᠵᠦ ᠪᠠᠶᠢᠨ᠎ᠠ ᠃ ᠲᠡᠶᠢᠮᠦ ᠡᠴᠡ ᠲᠠᠮᠢᠷᠴᠢᠳ ᠤᠨ ᠡᠷᠡᠭᠦᠯ ᠮᠡᠨᠳᠦ ᠂ ᠠᠶᠤᠯᠭᠦᠢ ᠪᠠᠶᠢᠳᠠᠯ ᠬᠠᠮᠤᠭ ᠤᠨ ᠴᠢᠬᠤᠯᠠ ᠃ ᠲᠣᠪᠴᠢᠶᠠᠨ ᠤ ᠭᠦᠢᠴᠡᠳᠬᠡᠬᠦ ᠵᠥᠪᠯᠡᠯ ᠤᠨ ᠬᠤᠷᠠᠯ ᠢᠶᠡᠨ ᠤᠳᠠᠬᠤ ᠦᠭᠡᠢ ᠴᠠᠬᠢᠮ ᠢᠶᠠᠷ ᠬᠢᠨ᠎ᠡ ᠃ ᠡᠭᠦᠨ ‍ᠣ ᠳᠠᠷᠠᠭ᠎ᠠ 2020 ᠣᠨ ᠳᠤ ᠪᠠᠲᠤᠯᠠᠭᠰᠠᠨ ᠲᠡᠮᠡᠴᠡᠭᠡᠨ ‍ᠣ ᠬᠤᠪᠢᠶᠠᠷᠢ ᠳᠤ ᠥᠭᠡᠷᠡᠴᠢᠯᠡᠯᠲᠡ ᠣᠷᠣᠭᠤᠯᠬᠤ ᠡᠴᠠ ᠭᠠᠳᠠᠨ᠎ᠠ ᠣᠯᠢᠮᠫᠢᠺ ᠤᠨ ᠡᠷᠬᠡ ᠶ᠋ᠢᠨ ᠲᠡᠮᠡᠴᠡᠭᠡᠨ ‍ᠣ ᠬᠤᠪᠢᠶᠠᠷᠢ ᠶ᠋ᠢ ᠪᠠᠲᠤᠯᠠᠨ᠎ᠠ ᠬᠡᠮᠡᠨ ᠮᠡᠳᠡᠭᠳᠡᠯ᠎ᠡ ᠃

 

ᠰᠡᠳᠬᠢᠭᠳᠡᠯ ᠦᠯᠡᠳᠡᠭᠡᠬᠦ