︽ᠴᠢᠩᠭᠢᠰ ᠬᠠᠭᠠᠨ ︾ ᠮᠦᠽᠧᠢ ᠶ᠋ᠢᠨ ᠪᠠᠷᠢᠯᠭ᠎ᠠ  ᠶᠢᠨ ᠠᠵᠢᠯ ᠡᠬᠢᠯᠡᠵᠦ ᠪᠠᠶᠢᠨ᠎ᠠ | News.MN

︽ᠴᠢᠩᠭᠢᠰ ᠬᠠᠭᠠᠨ ︾ ᠮᠦᠽᠧᠢ ᠶ᠋ᠢᠨ ᠪᠠᠷᠢᠯᠭ᠎ᠠ  ᠶᠢᠨ ᠠᠵᠢᠯ ᠡᠬᠢᠯᠡᠵᠦ ᠪᠠᠶᠢᠨ᠎ᠠ

 

ᠪᠠᠶᠢᠭᠠᠯᠢ ᠶ᠋ᠢᠨ ᠲᠡᠦᠬᠡ ᠶ᠋ᠢᠨ ᠮᠦᠽᠧᠢ ᠶ᠋ᠢᠨ ᠪᠠᠭᠤᠷᠢᠨ ᠳᠡᠭᠡᠷ᠎ᠡ ︽ᠴᠢᠩᠭᠢᠰ ᠬᠠᠭᠠᠨ︾ ᠮᠦᠽᠧᠢ ᠶ᠋ᠢᠨ ᠪᠠᠷᠢᠯᠭ᠎ᠠ ᠶ᠋ᠢᠨ ᠠᠵᠢᠯ ᠢ ᠥᠨᠥᠳᠥᠷ ᠡᠬᠢᠯᠡᠭᠦᠯᠵᠦ ᠪᠠᠶᠢᠨ᠎ᠠ᠃ ᠮᠦᠽᠧᠢ ᠶ᠋ᠢᠨ ᠪᠠᠷᠢᠯᠭ᠎ᠠ ᠶ᠋ᠢᠨ 2020 ᠣᠨ ᠳᠤ ᠤᠯᠤᠰ ᠤᠨ ᠲᠥᠰᠥᠪ ᠡᠴᠡ ᠰᠠᠩᠬᠦᠦᠵᠢᠬᠦ ᠳ᠋ᠦᠩ 53 ᠲᠡᠷᠪᠤᠮ ᠲᠥᠭᠥᠷᠢᠭ᠃ ᠮᠣᠩᠭᠣᠯ ᠤᠯᠤᠰ ᠤᠨ ᠶᠡᠷᠦᠩᠬᠡᠢ ᠰᠠᠶᠢᠳ ᠤ᠊·ᠬᠦᠷᠡᠯᠰᠦ᠋ᠬᠡ ᠄ ᠥᠨᠥᠳᠥᠷ ᠮᠣᠩᠭᠣᠯ ᠲᠦᠮᠡᠨ ‍ᠥ ᠬᠤᠪᠢ ᠳᠤ ᠲᠡᠦᠬᠡᠨ ᠡᠳᠦᠷ ᠲᠣᠬᠢᠶᠠᠵᠤ ᠪᠠᠶᠢᠨ᠎ᠠ᠃ ᠵᠠᠰᠠᠭ ᠤᠨ ᠭᠠᠵᠠᠷ 2019 ᠣᠨ ᠳᠤ ᠴᠢᠩᠭᠢᠰ ᠬᠠᠭᠠᠨ ᠮᠦᠽᠧᠢ ᠶ᠋ᠢ ᠪᠠᠶᠢᠭᠤᠯᠬᠤ ᠲᠡᠦᠬᠡᠨ ᠰᠢᠢᠳᠪᠦᠷᠢ ᠭᠠᠷᠭᠠᠭᠰᠠᠨ ᠃ ᠡᠨᠡ ᠬᠦ ᠪᠦᠲᠦᠭᠡᠨ ᠪᠠᠶᠢᠭᠤᠯᠤᠯᠲᠠ ᠶ᠋ᠢᠨ ᠠᠵᠢᠯ ᠢ ᠬᠠᠪᠤᠷ ᠤᠨ ᠳᠤᠮᠳᠠ ᠰᠠᠷ᠎ᠠ ᠶ᠋ᠢᠨ ᠰᠢᠨ᠎ᠡ ᠶ᠋ᠢᠨ 17 ᠳ᠋ᠥ ᠡᠶᠢᠨ ᠬᠦ ᠡᠬᠢᠯᠡᠭᠦᠯᠵᠦ ᠪᠠᠶᠢᠨ᠎ᠠ᠃ ᠡᠨᠳᠡ ᠮᠣᠩᠭᠣᠯ ᠤᠨ ᠲᠡᠦᠬᠡ ᠶ᠋ᠢᠨ ᠰᠤᠳᠤᠯᠭ᠎ᠠ ᠰᠤᠷᠭᠠᠯᠲᠠ ᠂ ᠰᠣᠶᠣᠨ ᠭᠡᠭᠡᠷᠡᠯ ᠤᠨ ᠴᠣᠭᠴᠠᠯᠠᠪᠤᠷᠢ ᠪᠠᠶᠢᠬᠤ ᠪᠣᠯᠣᠨ᠎ᠠ᠃ ᠮᠥᠨ ᠰᠣᠶᠣᠯ ᠤᠨ ᠬᠣᠣᠰ ᠦᠭᠡᠢ ᠦᠨᠡᠲᠦ ᠳᠤᠷᠠᠰᠬᠠᠯ ᠂ ᠳᠡᠯᠡᠬᠡᠢ ᠳᠠᠶᠠᠭᠠᠷ ᠲᠠᠷᠬᠠᠭᠰᠠᠨ ᠮᠣᠩᠭᠣᠯᠴᠤᠳ ᠤᠨ ᠲᠡᠦᠬᠡ ᠶ᠋ᠢᠨ ᠶᠡᠬᠡ ᠥᠪ ᠢ ᠳᠡᠯᠭᠡᠬᠦ ᠶᠤᠮ ᠃ ᠡᠨᠡ ᠨᠢ ᠡᠬᠡ ᠲᠡᠦᠬᠡ ᠪᠡᠨ ᠂ ᠡᠬᠡ ᠰᠣᠶᠣᠯ ᠢᠶᠡᠨ ᠳᠡᠭᠡᠳᠦᠯᠡᠬᠦ ᠂ ᠬᠠᠶᠢᠷᠠᠯᠠᠬᠤ ᠦᠵᠡᠯ ᠢ ᠲᠦᠭᠡᠭᠡᠬᠦ ᠂ ᠲᠥᠯᠥᠪᠰᠢᠭᠦᠯᠬᠦ ᠠᠴᠢ ᠬᠣᠯᠪᠣᠭᠳᠠᠯ ᠲᠠᠢ

ᠡᠨᠡ ᠪᠣᠯ ᠮᠣᠩᠭᠣᠯ ᠤᠨ ᠠᠷᠠᠳ ᠲᠦᠮᠡᠨ ‍ᠣ ᠰᠢᠲᠦᠭᠡᠨ ᠮᠦᠽᠧᠢ ᠪᠣᠯᠬᠤ ᠪᠣᠯᠣᠨ᠎ᠠ ᠃ ᠲᠥᠰᠥᠪ ᠲᠦ 53 ᠲᠡᠷᠪᠤᠮ ᠲᠥᠭᠥᠷᠢᠭ ᠰᠠᠭᠤᠭᠰᠠᠨ ᠃ ᠰᠠᠩᠬᠦᠦᠵᠢᠯᠲᠡ ᠭᠠᠴᠢᠬᠤ ᠵᠦᠢᠯ ᠦᠭᠡᠢ ᠃ ᠪᠢᠳᠠ ᠦᠷ᠎ᠡ ᠬᠡᠦᠬᠡᠳ ᠲᠦ ᠪᠡᠨ ᠲᠡᠦᠬᠡ ᠪᠡᠨ ᠦᠯᠡᠳᠡᠭᠡᠬᠦ ᠂ ᠰᠣᠶᠣᠨ ᠭᠡᠭᠡᠷᠡᠭᠦᠯᠬᠦ ᠶᠣᠰᠣᠲᠠᠢ ᠃ ᠲᠡᠦᠬᠡ ᠶ᠋ᠢᠨ ᠬᠢᠴᠢᠶᠡᠯ ᠢ ᠡᠨᠳᠡ ᠰᠤᠷᠭᠠᠳᠠᠭ ᠪᠠᠶᠢᠭᠠᠰᠠᠢ ᠭᠡᠵᠦ ᠪᠣᠳᠣᠵᠤ ᠪᠠᠶᠢᠨ᠎ᠠ ᠃ ᠮᠦᠽᠧᠢ ᠳ᠋ᠦ ᠰᠤᠷᠭᠠᠯᠲᠠ ᠶ᠋ᠢᠨ ᠲᠠᠩᠬᠢᠮ ᠂ ᠨᠣᠮ ᠤᠨ ᠰᠠᠩ ᠵᠡᠷᠭᠡ ᠶ᠋ᠢ ᠪᠠᠶᠢᠭᠤᠯᠤᠨ᠎ᠠ ᠃ ᠭᠠᠳᠠᠭᠠᠳᠤ ᠳᠤ ᠪᠠᠶᠢᠭ᠎ᠠ ᠡᠯᠴᠢᠨ ᠰᠠᠶᠢᠳ ᠤᠳ ᠲᠠᠢ ᠲᠤᠬᠠᠢ ᠶ᠋ᠢᠨ ᠣᠷᠣᠨ ᠳᠤ ᠨᠢ ᠪᠠᠶᠢᠭ᠎ᠠ ᠶᠡᠬᠡ ᠡᠵᠡᠨ ᠬᠠᠭᠠᠨ ᠤ ᠲᠡᠦᠬᠡ ᠲᠠᠢ ᠬᠣᠯᠪᠣᠭᠠᠲᠠᠢ ᠦᠵᠡᠮᠦᠷᠢ ᠂ ᠳᠤᠷᠠᠰᠬᠠᠯ ᠢ ᠠᠪᠴᠢᠷᠠᠬᠤ ᠂ ᠡᠰᠡᠪᠡᠯ ᠬᠠᠭᠤᠯᠪᠤᠷᠢ ᠶ᠋ᠢ ᠠᠪᠴᠢᠷᠠᠬᠤ ᠡᠭᠦᠷᠭᠡ ᠥᠭᠭᠦᠭᠰᠡᠨ  ᠭᠡᠪᠡ ᠃

 

ᠰᠡᠳᠬᠢᠭᠳᠡᠯ ᠦᠯᠡᠳᠡᠭᠡᠬᠦ