︽ᠴᠢᠩᠭᠢᠰ ᠬᠠᠭᠠᠨ︾ ᠮᠦᠽᠧᠢ ᠶ᠋ᠢᠨ ᠡᠷᠳᠡᠮᠲᠡᠳ ᠤᠨ ᠵᠥᠪᠯᠡᠯ ᠢ ᠪᠠᠶᠢᠭᠤᠯᠪᠠ | News.MN

︽ᠴᠢᠩᠭᠢᠰ ᠬᠠᠭᠠᠨ︾ ᠮᠦᠽᠧᠢ ᠶ᠋ᠢᠨ ᠡᠷᠳᠡᠮᠲᠡᠳ ᠤᠨ ᠵᠥᠪᠯᠡᠯ ᠢ ᠪᠠᠶᠢᠭᠤᠯᠪᠠ

 

ᠮᠣᠩᠭᠣᠯ ᠤᠯᠤᠰ ᠤᠨ ᠶᠡᠷᠦᠩᠬᠡᠢ ᠰᠠᠶᠢᠳ ᠤ᠊·ᠬᠦᠷᠡᠯᠰᠦ᠋ᠬᠡ ︽ᠴᠢᠩᠭᠢᠰ ᠬᠠᠭᠠᠨ︾ ᠮᠦᠽᠧᠢ ᠪᠠᠶᠢᠭᠤᠯᠬᠤ ᠦᠢᠯᠡ ᠠᠵᠢᠯᠯᠠᠭ᠎ᠠ ᠶ᠋ᠢ ᠮᠡᠷᠭᠡᠵᠢᠯ ᠤᠨ ᠵᠥᠪᠯᠡᠯᠭᠡ ᠪᠡᠷ ᠬᠠᠩᠭᠠᠬᠤ ᠴᠢᠭ ᠡᠭᠦᠷᠭᠡ ᠪᠦᠬᠦᠢ  ᠡᠷᠳᠡᠮᠲᠡᠳ ᠤᠨ ᠵᠥᠪᠯᠡᠯ ᠢ ᠳᠠᠷᠠᠭᠠᠬᠢ ᠪᠦᠷᠢᠯᠳᠦᠬᠦᠨ ᠲᠠᠢ ᠪᠠᠶᠢᠭᠤᠯᠵᠤ ᠵᠠᠬᠢᠷᠤᠮᠵᠢ ᠭᠠᠷᠭᠠᠪᠠ ᠃

ᠳᠠᠷᠤᠭ᠎ᠠ ᠪᠠᠷ ᠨᠢ ᠄ ᠰᠢᠨᠵᠢᠯᠡᠬᠦ ᠤᠬᠠᠭᠠᠨ ᠤ ᠠᠺᠠᠳᠧᠮᠢ ᠶ᠋ᠢᠨ ᠶᠡᠷᠦᠩᠬᠡᠶᠢᠯᠡᠭᠴᠢ  ᠳ᠋᠊·ᠷᠸᠭᠳᠡᠯ ︔ ᠭᠡᠰᠢᠭᠦᠳ ᠨᠢ ᠄ ᠠ᠊·ᠴᠠᠩᠵᠢᠳ ︵ᠹᠢᠯᠣᠰᠣᠹᠢ ᠶ᠋ᠢᠨ ᠬᠦᠷᠢᠶᠡᠯᠡᠩ  ᠤᠨ ᠵᠥᠪᠯᠡᠬᠦ᠂ ᠰᠢᠨᠵᠢᠯᠡᠬᠦ ᠤᠬᠠᠭᠠᠨ ᠤ ᠳ᠋ᠣᠺᠲ᠋ᠣᠷ ᠂ ᠫᠷᠣᠹᠧᠰᠰᠣᠷ︶ ᠂ ᠯ᠊·ᠳᠠᠰᠢᠨᠢᠮ᠎ᠠ ︵ᠮᠣᠩᠭᠣᠯ ᠤᠯᠤᠰ ᠤᠨ ᠰᠣᠶᠣᠯ ᠤᠨ ᠭᠠᠪᠢᠶᠠᠲᠤ ᠵᠢᠳᠬᠦᠯᠲᠡᠨ ᠂ ᠳ᠋ᠣᠺᠲ᠋ᠣᠷ ᠫᠷᠣᠹᠧᠰᠰᠣᠷ︶ ᠂ ᠭ᠊·ᠮᠡᠨᠳᠦᠡᠣᠣᠶᠣᠣ ︵ᠮᠣᠩᠭᠣᠯ ᠤᠨ ᠰᠣᠶᠣᠯ  ᠢᠷᠠᠭᠤ ᠨᠠᠶᠢᠷᠠᠭ ᠤᠨ ᠠᠺᠠᠳᠧᠮᠢ ᠶ᠋ᠢᠨ ᠶᠡᠷᠦᠩᠬᠡᠶᠢᠯᠡᠭᠴᠢ᠂ ᠵᠣᠬᠢᠶᠠᠯᠴᠢ᠂ ᠢᠷᠠᠭᠤ ᠨᠠᠶᠢᠷᠠᠭᠴᠢ᠂ ︽ᠴᠢᠩᠭᠢᠰ ᠬᠠᠭᠠᠨ︾ ᠣᠳᠣᠨᠲᠤ︶ ᠂ ᠭ᠊·ᠮᠢᠭᠮᠠᠷᠰᠠᠮᠪᠤᠤ ︵ᠰᠢᠨᠵᠢᠯᠡᠬᠦ ᠤᠬᠠᠭᠠᠨ ᠤ ᠠᠺᠠᠳᠧᠮᠢ ᠶ᠋ᠢᠨ ᠲᠡᠤᠬᠡ ᠤᠭᠰᠠᠭᠠᠲᠠᠨ ᠤ ᠵᠦᠢ ᠶ᠋ᠢᠨ ᠬᠦᠷᠢᠶᠡᠯᠡᠩ  ᠤᠨ ᠰᠠᠯᠪᠤᠷᠢ ᠶ᠋ᠢᠨ ᠡᠷᠬᠢᠯᠡᠭᠴᠢ᠂ ᠳ᠋ᠣᠺᠲ᠋ᠣᠷ ᠫᠷᠣᠹᠧᠰᠰᠣᠷ︶ ᠂ ᠪ᠊·ᠴᠣᠭᠲᠣᠪᠠᠭᠠᠲᠤᠷ ︵ᠰᠢᠨᠵᠢᠯᠡᠬᠦ ᠤᠬᠠᠭᠠᠨ ᠤ ᠠᠺᠠᠳᠧᠮᠢ ᠶ᠋ᠢᠨ ᠠᠷᠬᠧᠣᠯᠣᠭᠢ ᠶ᠋ᠢᠨ ᠬᠦᠷᠢᠶᠡᠯᠡᠩ ᠤᠨ ᠰᠠᠯᠪᠤᠷᠢ ᠶ᠋ᠢᠨ ᠡᠷᠬᠢᠯᠡᠭᠴᠢ᠂ ᠳ᠋ᠣᠺᠲ᠋ᠣᠷ ᠂ ᠫᠷᠣᠹᠧᠰᠰᠣᠷ︶᠂ ᠪ᠊·ᠪᠠᠭᠠᠲᠤᠷᠬᠦᠦ ︵ ᠨᠡᠶᠢᠰᠯᠡᠯ ᠦᠨ ᠠᠷᠬᠢᠪ ᠤᠨ ᠭᠠᠵᠠᠷ ᠤᠨ ᠳᠠᠷᠤᠭ᠎ᠠ᠂ ᠳ᠋ᠣᠺᠲ᠋ᠣᠷ᠂ ᠳᠡᠳ᠋ ᠫᠷᠣᠹᠧᠰᠰᠣᠷ︶᠂ ᠨ᠊·ᠨᠢᠮᠠᠣ᠋ᠰᠣᠷ ︵ᠶᠡᠬᠡ ᠵᠠᠰᠠᠭ ᠶᠡᠬᠡ ᠰᠤᠷᠭᠠᠭᠤᠯᠢ ᠶ᠋ᠢᠨ ᠵᠠᠬᠢᠷᠤᠯ ᠂ ᠳ᠋ᠣᠺᠲ᠋ᠣᠷ᠂ ᠫᠷᠣᠹᠧᠰᠰᠣᠷ︶᠂ ᠨ᠊·ᠨᠠᠷᠠᠨᠪᠠᠭᠠᠲᠤᠷ ︵ᠤᠯᠤᠰ ᠤᠨ ᠳ᠋ᠷᠠᠮ ᠤᠨ ᠡᠷᠳᠡᠮ ᠤᠨ ᠲᠢᠶᠠᠲ᠋ᠷ ᠤᠨ ᠶᠡᠷᠦᠩᠬᠡᠢ ᠨᠠᠶᠢᠷᠠᠭᠤᠯᠤᠭᠴᠢ᠂ ᠲᠥᠷᠥ ᠶ᠋ᠢᠨ ᠰᠣᠶᠣᠷᠬᠠᠯᠲᠤ ︶ ᠂ ᠭ᠊·ᠫᠦ᠋ᠷᠪᠦᠪᠠᠲᠤ ︵ ᠪᠤᠷᠬᠠᠨᠴᠢ ᠯᠠᠮᠠ᠂ ᠳ᠋ᠣᠺᠲ᠋ᠣᠷ︶ ᠨᠠᠷ ᠪᠠᠶᠢᠨ᠎ᠠ ᠃

ᠶᠡᠷᠦᠩᠬᠡᠢ ᠰᠠᠶᠢᠳ ᠳᠡᠭᠡᠷᠡᠬᠢ ᠬᠦᠮᠦᠰ ᠲᠠᠢ ᠠᠭᠤᠯᠵᠠᠬᠤ ᠳᠤ ᠪᠠᠨ ᠄ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠰᠣᠶᠣᠯ  ᠤᠷᠠᠯᠢᠭ ᠤᠨ ᠰᠠᠯᠪᠤᠷᠢ ᠶ᠋ᠢ ᠬᠥᠭᠵᠢᠭᠦᠯᠬᠦ ᠴᠢᠭᠯᠡᠯ ᠳ᠋ᠥ ᠪᠠᠷᠢᠮᠲᠠᠯᠠᠵᠤ ᠪᠤᠢ ᠪᠣᠳᠣᠯᠭ᠎ᠠ ᠂ ᠴᠢᠩᠭᠢᠰ ᠬᠠᠭᠠᠨ ᠮᠦᠽᠧᠢ ᠶ᠋ᠢ ᠪᠠᠶᠢᠭᠤᠯᠬᠤ ᠰᠢᠢᠳᠪᠦᠷᠢ ᠶ᠋ᠢ ᠭᠠᠷᠭᠠᠭᠰᠠᠨ ᠡᠴᠠ ᠬᠣᠶᠢᠰᠢᠬᠢ ᠠᠵᠢᠯ ᠤᠨ ᠶᠠᠪᠤᠴᠠ ᠶ᠋ᠢᠨ ᠲᠠᠯ᠎ᠠ ᠪᠡᠷ ᠡᠷᠳᠡᠮᠲᠡᠳ ᠲᠠᠢ ᠮᠡᠳᠡᠭᠡᠯᠡᠯ ᠰᠣᠯᠢᠯᠴᠠᠵᠤ᠂ ᠵᠥᠪᠯᠡᠯ ᠤᠨ ᠭᠡᠰᠢᠭᠦᠳ ᠤᠨ ᠰᠠᠨᠠᠯ ᠢ ᠰᠣᠨᠣᠰᠴᠤ ᠂ ᠴᠠᠭᠠᠰᠢᠳᠠ ᠮᠦᠽᠧᠢ ᠶ᠋ᠢ ᠲᠥᠯᠥᠪᠯᠡᠭᠰᠡᠨ ᠬᠤᠭᠤᠴᠠᠭᠠᠨ ᠤ ᠳᠠᠭᠠᠤ ᠪᠠᠷᠢᠵᠤ ᠠᠰᠢᠭᠯᠠᠯᠲᠠ ᠳᠤ ᠣᠷᠣᠭᠤᠯᠬᠤ ᠨᠢ  ᠵᠦᠢᠲᠡᠢ ᠭᠡᠵᠦ ᠦᠵᠡᠵᠦ ᠪᠠᠶᠢᠭ᠎ᠠ ᠪᠠᠨ ᠬᠡᠯᠡᠯ᠎ᠡ᠃ ᠮᠦᠽᠧᠢ ᠶ᠋ᠢ ᠮᠠᠰᠢ ᠴᠢᠨᠠᠷᠲᠠᠢ᠂ ᠦᠷᠭᠡᠨ ᠤᠳᠬ᠎ᠠ ᠠᠭᠤᠯᠭ᠎ᠠ ᠲᠠᠢ᠂ ᠦᠨᠳᠦᠰᠦᠨ ‍ᠣ ᠦᠨᠡᠲᠦ ᠥᠪ ᠪᠣᠯᠬᠤ᠂ ᠳᠡᠯᠡᠬᠡᠢ ᠶ᠋ᠢᠨ ᠬᠡᠮᠵᠢᠶᠡᠨ ᠳ᠋ᠥ ᠴᠢᠩᠭᠢᠰ ᠬᠠᠭᠠᠨ ᠢ ᠲᠡᠳᠦᠢ ᠦᠭᠡᠢ᠂ ᠮᠣᠩᠭᠣᠯ ᠤᠯᠤᠰ ᠤᠨ ᠢᠶᠡᠨ ᠦᠦᠬᠡ ᠲᠡᠦᠬᠡ ᠶ᠋ᠢ ᠰᠤᠷᠲᠠᠯᠴᠢᠯᠠᠨ ᠲᠠᠨᠢᠭᠤᠯᠬᠤ ᠂ ᠢᠷᠭᠡᠳ ᠦᠨ ᠢᠶ᠋ᠡᠨ ᠰᠢᠲᠦᠭᠡᠨ ᠪᠣᠯᠣᠭᠰᠠᠨ ᠲᠡᠶᠢᠮᠦ ᠯᠡ ᠦᠨ᠎ᠡ ᠴᠡᠨ᠎ᠡ ᠲᠠᠢ ᠳᠠᠪᠲᠠᠭᠳᠠᠰᠢ ᠦᠭᠡᠢ ᠵᠢᠱᠢᠭ ᠮᠦᠽᠧᠢ ᠪᠣᠯᠭᠠᠬᠤ ᠶᠣᠰᠣᠲᠠᠢ ᠂ ᠡᠭᠦᠨ ‍ᠣ ᠲᠥᠯᠥᠭᠡ ᠬᠢᠴᠢᠶᠡᠨ ᠠᠵᠢᠯᠯᠠᠬᠤ ᠶ᠋ᠢ ᠬᠦᠰᠡᠵᠦ ᠪᠠᠶᠢᠨ᠎ᠠ ᠂ ᠡᠭᠦᠷᠭᠡ ᠪᠣᠯᠭᠠᠵᠤ ᠪᠠᠶᠢᠨ᠎ᠠ ᠭᠡᠯ᠎ᠡ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ ᠲᠠᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ ᠃

ᠰᠡᠳᠬᠢᠭᠳᠡᠯ ᠦᠯᠡᠳᠡᠭᠡᠬᠦ