ᠡᠳ᠋ ᠤᠨ ᠵᠠᠰᠠᠭ ᠢ ᠢᠳᠡᠪᠬᠢᠵᠢᠭᠦᠯᠬᠦ ᠲᠣᠭᠲᠠᠭᠠᠯ ᠤᠨ ᠲᠥᠰᠥᠯ ᠢ ᠡᠷᠭᠦᠨ ᠮᠡᠳᠡᠭᠦᠯᠦᠨ᠎ᠡ | News.MN

  ᠡᠳ᠋ ᠤᠨ ᠵᠠᠰᠠᠭ ᠢ ᠢᠳᠡᠪᠬᠢᠵᠢᠭᠦᠯᠬᠦ ᠲᠣᠭᠲᠠᠭᠠᠯ ᠤᠨ ᠲᠥᠰᠥᠯ ᠢ ᠡᠷᠭᠦᠨ ᠮᠡᠳᠡᠭᠦᠯᠦᠨ᠎ᠡ

ᠵᠠᠰᠠᠭ ᠤᠨ ᠭᠠᠵᠠᠷ ᠤᠨ ᠥᠴᠥᠭᠡᠳᠦᠷ ᠦᠨ ᠪᠤᠶᠤ ᠳᠥᠷᠪᠡᠳᠦᠭᠡᠷ ᠰᠠᠷ᠎ᠠ ᠶ᠋ᠢᠨ 1 ᠤ ᠬᠤᠷᠠᠯᠳᠤᠭᠠᠨ ᠢᠶᠠᠷ ᠡᠳ᠋ ᠤᠨ ᠵᠠᠰᠠᠭ ᠢ ᠰᠡᠷᠭᠦᠭᠡᠬᠦ ᠲᠣᠭᠲᠠᠭᠠᠯ ᠤᠨ ᠲᠥᠰᠥᠯ ᠢᠶ᠋ᠡᠨ ᠶᠠᠭᠠᠷᠠᠯᠲᠠᠢ ᠭᠣᠷᠢᠮ ᠢᠶᠠᠷ ᠰᠢᠢᠳᠪᠦᠷᠢᠯᠡᠭᠦᠯᠬᠦ ᠨᠢ  ᠵᠦᠢᠲᠡᠢ ᠭᠡᠵᠦ ᠦᠵᠡᠯ᠎ᠡ ᠃

ᠬᠠᠤᠯᠢ ᠶᠢᠨ ᠲᠦᠰᠦᠯ ᠳᠦ ᠲᠤᠰᠬᠠᠭᠰᠠᠨ ᠢᠶᠠᠷ ᠵᠠᠰᠠᠭ ᠤᠨ ᠭᠠᠵᠠᠷ ᠡᠴᠠ 4 ᠴᠢᠭᠯᠡᠯ ᠳ᠋ᠥ 14 ᠠᠷᠭ᠎ᠠ ᠬᠡᠮᠵᠢᠶ᠎ᠡ ᠶ᠋ᠢ ᠬᠡᠷᠡᠭᠵᠢᠭᠦᠯᠬᠦ ᠪᠣᠯᠣᠯ᠎ᠠ ᠃ ᠲᠥᠷᠥ ᠶ᠋ᠢᠨ ᠪᠣᠯᠣᠨ ᠣᠷᠣᠨ ᠨᠤᠲᠤᠭ ᠤᠨ ᠥᠮᠴᠢᠲᠦ ᠂ ᠲᠡᠭᠦᠨ ᠦ ᠣᠷᠣᠯᠴᠠᠭ᠎ᠠ ᠲᠠᠢ ᠬᠠᠤᠯᠢ ᠶ᠋ᠢᠨ ᠡᠲᠡᠭᠡᠳ ᠡᠴᠡ ᠪᠤᠰᠤᠳ  ᠠᠵᠤ ᠠᠬᠤᠢ ᠶᠢᠨ ᠨᠢᠭᠡᠴᠢ ᠶ᠋ᠢᠨ ᠡᠨᠡ ᠣᠨ ᠤ ᠳᠥᠷᠪᠡᠳᠦᠭᠡᠷ ᠰᠠᠷ᠎ᠠ ᠶ᠋ᠢᠨ 01 ᠡᠴᠡ ᠠᠷᠪᠠᠳᠤᠭᠠᠷ ᠰᠠᠷ᠎ᠠ ᠶ᠋ᠢᠨ 01 ᠤ ᠡᠳᠦᠷ ᠬᠦᠷᠲᠡᠯᠡᠬᠢ ᠬᠤᠭᠤᠴᠠᠭᠠᠨ ᠳᠦ ᠳᠠᠭᠠᠳᠬᠠᠭᠤᠯᠤᠭᠴᠢ ᠢᠷᠭᠡᠨ ‍ᠣ ᠬᠥᠳᠡᠯᠮᠦᠷᠢ ᠶ᠋ᠢᠨ ᠬᠥᠯᠥᠰᠦ ᠂ ᠲᠡᠭᠦᠨ ᠲᠠᠢ ᠠᠳᠠᠯᠢᠳᠬᠠᠬᠤ ᠣᠷᠣᠯᠭ᠎ᠠ ᠳ᠋ᠤ ᠨᠣᠭᠳᠠᠭᠤᠯᠤᠭᠰᠠᠨ ᠲᠡᠳᠬᠦᠪᠦᠷᠢ ᠂ ᠲᠡᠳᠬᠦᠮᠵᠢ ᠂ ᠠᠵᠢᠯ ᠦᠭᠡᠶᠢᠳᠡᠯ ᠪᠣᠯᠣᠨ ᠦᠢᠯᠡᠳᠪᠦᠷᠢᠯᠡᠯ ᠤᠨ ᠣᠰᠣᠯ ᠮᠡᠷᠭᠡᠵᠢᠯ ᠡᠴᠡ ᠰᠢᠯᠲᠠᠭᠠᠯᠠᠭᠰᠠᠨ ᠡᠪᠡᠳᠴᠢᠨ ‍ᠣ ᠳᠠᠭᠠᠳᠬᠠᠯ ᠤᠨ ᠰᠢᠮᠡᠳᠬᠡᠯ ᠢ ᠴᠢᠯᠦᠭᠡᠯᠡᠬᠦ ᠪᠠ ᠳᠠᠭᠠᠳᠬᠠᠭᠤᠯᠤᠭᠴᠢ ᠶ᠋ᠢ ᠮᠥᠨ ᠬᠤᠭᠤᠴᠠᠭᠠᠨ ᠳᠤ ᠰᠢᠮᠡᠳᠬᠡᠯ ᠲᠥᠯᠥᠭᠰᠡᠨ ᠢᠶ᠋ᠡᠷ ᠲᠣᠭᠠᠴᠠᠨ᠎ᠠ ᠃ ᠡᠰᠡᠪᠡᠯ ᠥᠪᠡᠷ ᠤᠨ ᠰᠠᠨᠠᠭᠠᠴᠢᠯᠠᠭ᠎ᠠ ᠪᠡᠷ ᠨᠡᠶᠢᠭᠡᠮ ᠤᠨ ᠳᠠᠭᠠᠳᠬᠠᠯ ᠤᠨ ᠰᠢᠮᠡᠳᠬᠡᠯ ᠢᠶ᠋ᠡᠨ ᠲᠥᠯᠥᠵᠦ ᠪᠣᠯᠣᠨ᠎ᠠ᠃ ᠰᠠᠶᠢᠨ ᠳᠤᠷ᠎ᠠ ᠶ᠋ᠢᠨ ᠳᠠᠭᠠᠳᠬᠠᠭᠤᠯᠤᠭᠴᠢ ᠶ᠋ᠢ ᠬᠠᠮᠤᠷᠤᠭᠤᠯᠤᠨ᠎ᠠ᠃ ᠥᠪᠡᠷ ᠡᠴᠡ ᠦᠯᠦ ᠰᠢᠯᠲᠠᠭᠠᠯᠠᠨ ᠦᠢᠯᠡ ᠠᠵᠢᠯᠯᠠᠭ᠎ᠠ ᠨᠢ ᠵᠣᠭᠰᠣᠭᠰᠠᠨ ᠪᠣᠯᠪᠠᠴᠤ ᠠᠵᠢᠯ ᠤᠨ ᠪᠠᠶᠢᠷᠢ ᠪᠠᠨ ᠬᠠᠳᠠᠭᠠᠯᠠᠵᠤ ᠪᠠᠶᠢᠭ᠎ᠠ ᠠᠵᠤ ᠠᠬᠤᠢ ᠶ᠋ᠢᠨ ᠨᠢᠭᠡᠴᠢ ᠶ᠋ᠢᠨ ᠳᠠᠭᠠᠳᠬᠠᠭᠤᠯᠤᠭᠴᠢ ᠢᠷᠭᠡᠨ ᠳ᠋ᠥ ᠡᠨᠡ ᠣᠨ ᠤ ᠳᠥᠷᠪᠡᠳᠦᠭᠡᠷ ᠰᠠᠷ᠎ᠠ ᠶ᠋ᠢᠨ ᠨᠢᠭᠡᠨ ᠡᠴᠡ ᠳᠣᠯᠣᠳᠤᠭᠠᠷ ᠰᠠᠷ᠎ᠠ ᠶ᠋ᠢᠨ ᠨᠢᠭᠡᠨ ᠢ ᠬᠦᠷᠲᠡᠯ᠎ᠡ ᠭᠤᠷᠪᠠᠨ ᠰᠠᠷ᠎ᠠ ᠶ᠋ᠢᠨ ᠬᠤᠭᠤᠴᠠᠭᠠᠨ ᠳᠤ ᠰᠠᠷ᠎ᠠ ᠪᠦᠷᠢ 200.000 ᠲᠥᠭᠥᠷᠢᠭ ᠤᠨ ᠳᠡᠮᠵᠢᠯᠭᠡ ᠣᠯᠭᠣᠨ᠎ᠠ ᠃

ᠰᠡᠳᠬᠢᠭᠳᠡᠯ ᠦᠯᠡᠳᠡᠭᠡᠬᠦ