ᠬ᠊ · ᠪᠠᠲᠤᠲᠤᠯᠭ᠎ᠠ᠄ ᠮᠣᠩᠭᠣᠯ ᠤᠯᠤᠰ ᠬᠥᠭᠵᠢᠯ ᠤᠨ ᠪᠣᠳᠣᠯᠭ᠎ᠠ ᠪᠠᠨ ᠪᠣᠭᠴᠣᠯᠠᠭᠠᠳ ᠠᠪᠤᠯ᠎ᠠ | News.MN

ᠬ᠊ · ᠪᠠᠲᠤᠲᠤᠯᠭ᠎ᠠ᠄ ᠮᠣᠩᠭᠣᠯ ᠤᠯᠤᠰ ᠬᠥᠭᠵᠢᠯ ᠤᠨ ᠪᠣᠳᠣᠯᠭ᠎ᠠ ᠪᠠᠨ ᠪᠣᠭᠴᠣᠯᠠᠭᠠᠳ ᠠᠪᠤᠯ᠎ᠠ

︽ᠮᠣᠩᠭᠣᠯ ᠤᠯᠤᠰ ᠲᠤ ᠰᠡᠭᠦᠯ ᠤᠨ 30 ᠵᠢᠯ ᠳ᠋ᠥ 500 ᠭᠠᠷᠤᠢ ᠲᠣᠮᠣ ᠵᠢᠵᠢᠭ ᠪᠠᠷᠢᠮᠲᠠ ᠪᠢᠴᠢᠭ ᠪᠠᠲᠤᠯᠠᠭᠳᠠᠭᠰᠠᠨ ᠨᠢ ᠲᠣᠮᠣᠳᠠᠭᠰᠠᠨ ᠲᠣᠭ᠎ᠠ ᠪᠠᠶᠢᠭᠰᠠᠨ᠃ ᠬᠠᠷᠢᠨ ᠡᠨᠳᠡ ᠲᠡᠨᠳᠡ ᠪᠠᠶᠢᠭᠰᠠᠨ ᠪᠠᠷᠢᠮᠲᠠ ᠪᠢᠴᠢᠭ ᠤᠳ ᠢ ᠡᠨᠡ ᠤᠳᠠᠭ᠎ᠠ ᠨᠢᠭᠡ ᠪᠣᠭᠴᠣᠨ ᠳ᠋ᠤ ᠬᠢᠯ᠎ᠡ ᠭᠡᠵᠦ ᠪᠢ ᠣᠶᠢᠯᠠᠭᠠᠵᠤ ᠪᠠᠶᠢᠭ᠎ᠠ ᠃ ᠥᠭᠡᠷ᠎ᠡ ᠪᠡᠷ ᠬᠡᠯᠡᠪᠡᠯ ᠮᠣᠩᠭᠣᠯ ᠤᠯᠤᠰ ᠬᠥᠭᠵᠢᠯ ᠤᠨ ᠪᠣᠳᠣᠯᠭ᠎ᠠ ᠪᠠᠨ ᠪᠣᠭᠴᠣᠯᠠᠭᠠᠳ ᠠᠪᠤᠯ᠎ᠠ᠃ ᠣᠳᠣ ᠪᠣᠭᠴᠣᠨ ᠳ᠋ᠤ ᠪᠠᠶᠢᠭ᠎ᠠ ᠪᠠᠨ ᠶᠠᠭᠠᠬᠢᠵᠤ ᠦᠷ᠎ᠡ ᠳ᠋ᠦᠩ ᠢ ᠨᠢ ᠦᠵᠡᠬᠦ ᠨᠢ ᠴᠢᠬᠤᠯᠠ︾ ᠭᠡᠵᠤ ︽ᠠᠯᠤᠰ ᠤᠨ ᠬᠠᠷᠠᠭ᠎ᠠ  2050︾ ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ ᠤᠨ ᠪᠣᠳᠣᠯᠭ᠎ᠠ ᠶ᠋ᠢᠨ ᠪᠠᠷᠢᠮᠲᠠ ᠪᠢᠴᠢᠭ  ᠤᠨ ᠲᠥᠰᠥᠯ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠯ᠊·ᠤᠶᠤᠨ ᠡᠷᠳᠡᠨᠢ᠂ ᠠᠷᠠᠳ ᠤᠨ ᠪᠠᠭᠰᠢ ᠰ᠊·ᠳᠤᠯᠮ᠎ᠠ᠂ ᠠᠺᠠᠳᠧᠮᠢᠴᠢ ᠂ ᠳ᠋ᠣᠺᠲ᠋ᠣᠷ ᠂ ᠫᠷᠣᠹᠧᠰᠰᠣᠷ ᠲ᠊·ᠳᠣᠷᠵᠢ ᠨᠠᠷ ᠶᠡᠷᠦᠩᠬᠡᠶᠢᠯᠡᠭᠴᠢ ᠬ᠊·ᠪᠠᠲᠤᠲᠤᠯᠭ᠎ᠠ ᠳᠤ ᠭᠠᠷᠳᠠᠭᠤᠯᠤᠨ ᠥᠭᠬᠦ ᠦᠶ᠎ᠡ ᠪᠡᠷ ᠲᠡᠷᠡ ᠪᠡᠷ ᠡᠶᠢᠨ ᠴᠢᠬᠤᠯᠠᠴᠢᠯᠠᠭᠰᠠᠨ ᠶᠤᠮ ᠃

ᠮᠣᠩᠭᠣᠯ ᠤᠯᠤᠰ ᠤᠨ ᠬᠡᠮᠵᠢᠶᠡᠨ ᠳ᠋ᠥ ᠥᠩᠭᠡᠷᠡᠭᠰᠡᠨ ᠬᠤᠭᠤᠴᠠᠭᠠᠨ ᠳᠤ ᠬᠡᠷᠡᠭᠵᠢᠭᠦᠯᠦᠭᠰᠡᠨ ᠬᠥᠭᠵᠢᠯ ᠤᠨ ᠬᠥᠲᠥᠯᠪᠦᠷᠢ ᠂ ᠪᠣᠳᠣᠯᠭ᠎ᠠ ᠶ᠋ᠢᠨ ᠪᠠᠷᠢᠮᠲᠠ ᠪᠢᠴᠢᠭ ᠂ ᠲᠥᠰᠥᠯ ᠵᠡᠷᠭᠡ ᠨᠢ ᠪᠣᠳᠠᠲᠠᠢ ᠠᠵᠢᠯ ᠪᠣᠯᠵᠤ ᠴᠢᠳᠠᠭ᠎ᠠ ᠦᠭᠡᠢ ᠭᠣᠣᠯ ᠰᠢᠯᠲᠠᠭᠠᠨ ᠨᠢ ᠵᠠᠰᠠᠭᠯᠠᠯ ᠤᠨ ᠲᠣᠭᠲᠠᠪᠤᠷᠢ ᠦᠭᠡᠢ ᠪᠠᠶᠢᠳᠠᠯ ᠂ ᠤᠯᠤᠰ ᠲᠥᠷᠥ ᠶ᠋ᠢᠨ ᠨᠠᠮ ᠤᠳ ᠨᠢ ᠣᠶᠢᠯᠠᠭᠠᠯᠴᠠᠵᠤ ᠤᠯᠤᠰ ᠣᠷᠣᠨ ᠤ ᠬᠡᠮᠵᠢᠶᠡᠨ ‍ᠣ ᠪᠣᠳᠣᠯᠭ᠎ᠠ ᠶ᠋ᠢᠨ ᠪᠠᠷᠢᠮᠲᠠ ᠪᠢᠴᠢᠭ ᠦᠳ ᠢᠶ᠋ᠡᠨ ᠬᠡᠷᠡᠭᠵᠢᠭᠦᠯᠵᠦ ᠠᠵᠢᠯᠯᠠᠭ᠎ᠠ ᠦᠭᠡᠢ ᠲᠡᠢ ᠬᠣᠯᠪᠣᠭᠠᠲᠠᠢ᠃

ᠰᠡᠳᠬᠢᠭᠳᠡᠯ ᠦᠯᠡᠳᠡᠭᠡᠬᠦ