ᠳᠣᠯᠣᠭᠠᠨ ᠨᠠᠮ ᠤᠨ ᠬᠥᠲᠥᠯᠪᠦᠷᠢ ᠶ᠋ᠢ ᠬᠠᠤᠯᠢ ᠳᠤ ᠨᠡᠶᠢᠴᠡᠭᠰᠡᠨ ᠭᠡᠵᠦ ᠦᠵᠡᠪᠡ | News.MN

ᠳᠣᠯᠣᠭᠠᠨ ᠨᠠᠮ ᠤᠨ ᠬᠥᠲᠥᠯᠪᠦᠷᠢ ᠶ᠋ᠢ ᠬᠠᠤᠯᠢ ᠳᠤ ᠨᠡᠶᠢᠴᠡᠭᠰᠡᠨ ᠭᠡᠵᠦ ᠦᠵᠡᠪᠡ

 

ᠦᠨᠳᠦᠰᠦᠨ ᠤᠨ ᠠᠦᠳᠢᠲ ᠤᠨ ᠭᠠᠵᠠᠷ ᠡᠴᠠ 15 ᠨᠠᠮ ᠂ 4 ᠡᠪᠰᠡᠯ ᠤᠨ ᠤᠯᠤᠰ ᠤᠨ ᠶᠡᠬᠡ ᠬᠤᠷᠠᠯ ᠤᠨ 2020 ᠣᠨ ᠤ ᠰᠣᠩᠭᠣᠭᠤᠯᠢ ᠳᠤ ᠣᠷᠣᠯᠴᠠᠬᠤ ᠪᠠᠷ ᠳᠡᠪᠰᠢᠭᠦᠯᠦᠭᠰᠡᠨ ᠮᠥᠷ  ᠤᠨ ᠬᠥᠲᠥᠯᠪᠦᠷᠢ ᠶ᠋ᠢᠨ ᠳ᠋ᠦᠩᠨᠡᠯᠲᠡ ᠶ᠋ᠢ ᠭᠠᠷᠭᠠᠵᠠᠢ ᠃ ᠡᠭᠦᠨ ᠡᠴᠡ 7 ᠨᠠᠮ ᠤᠨ ᠮᠥᠷ  ᠤᠨ ᠬᠥᠲᠥᠯᠪᠦᠷᠢ ᠬᠠᠤᠯᠢ ᠳᠤ ᠨᠡᠶᠢᠴᠡᠭᠰᠡᠨ ᠪᠣᠯ ᠪᠤᠰᠤᠳ ᠢ ᠨᠢ ᠬᠠᠤᠯᠢ ᠳᠤ ᠨᠡᠶᠢᠴᠡᠭᠡ ᠦᠭᠡᠢ ᠭᠡᠵᠦ ᠳ᠋ᠦᠩᠨᠡᠭᠰᠡᠨ ᠢ ᠦᠨᠳᠦᠰᠦᠨ ᠤᠨ ᠠᠦᠳᠢᠲ ᠤᠨ ᠭᠠᠵᠠᠷ

ᠤᠨ ᠣᠷᠣᠯᠠᠭᠴᠢ ᠳᠠᠷᠤᠭ᠎ᠠ ᠣ᠊·ᠲᠡᠩᠭᠢᠰ ᠮᠡᠳᠡᠭᠡᠯᠡᠪᠡ ᠃

ᠤᠯᠤᠰ ᠤᠨ ᠶᠡᠬᠡ ᠬᠤᠷᠠᠯ ᠤᠨ ᠰᠣᠩᠭᠣᠭᠤᠯᠢ ᠶ᠋ᠢᠨ ᠲᠤᠬᠠᠢ ᠬᠠᠤᠯᠢ ᠶ᠋ᠢᠨ ᠳᠠᠭᠠᠤ ᠰᠣᠩᠭᠣᠭᠤᠯᠢ ᠳᠤ ᠣᠷᠣᠯᠴᠠᠬᠤ ᠨᠠᠮ ᠂ ᠡᠪᠰᠡᠯ  ᠤᠨ ᠮᠥᠷ ᠤᠨ ᠬᠥᠲᠥᠯᠪᠦᠷᠢ ᠨᠢ ᠮᠣᠩᠭᠣᠯ ᠤᠯᠤᠰ ᠤᠨ ᠲᠥᠰᠥᠪ  ᠤᠨ ᠲᠣᠭᠲᠠᠪᠤᠷᠢᠲᠠᠢ ᠪᠠᠶᠢᠳᠠᠯ ᠤᠨ ᠲᠤᠬᠠᠢ ᠪᠣᠯᠣᠨ ᠮᠣᠩᠭᠣᠯ ᠤᠯᠤᠰ ᠤᠨ ᠤᠷᠲᠤ ᠬᠤᠭᠤᠴᠠᠭᠠᠨ ᠤ ᠬᠥᠭᠵᠢᠯ  ᠤᠨ ᠪᠣᠳᠣᠯᠭ᠎ᠠ ᠳ᠋ᠤ ᠨᠡᠶᠢᠴᠡᠭᠰᠡᠨ ᠪᠠᠶᠢᠬᠤ ᠶᠣᠰᠣᠲᠠᠢ᠃ ᠲᠣᠳᠣᠷᠠᠭᠤᠯᠪᠠᠯ ᠂ ᠮᠥᠩᠭᠥ ᠂ ᠡᠳ᠋ ᠬᠥᠷᠥᠩᠭᠡ ᠠᠮᠠᠯᠠᠬᠤ ᠂ ᠦᠨ᠎ᠡ ᠦᠭᠡᠢ ᠪᠣᠯᠣᠨ ᠬᠢᠮᠳᠠᠷᠠᠭᠤᠯᠤᠭᠰᠠᠨ ᠦᠨ᠎ᠡ ᠪᠡᠷ ᠦᠢᠯᠡᠴᠢᠯᠡᠬᠦ᠂ ᠤᠯᠤᠰ᠂ ᠣᠷᠣᠨ ᠨᠤᠲᠤᠭ ᠤᠨ ᠰᠠᠯᠪᠤᠷᠢ ᠶ᠋ᠢᠨ ᠣᠷᠣᠯᠭ᠎ᠠ ᠶ᠋ᠢ ᠪᠤᠰᠤᠳ ᠲᠤ ᠬᠠᠨᠳᠢᠪᠯᠡᠬᠤ ᠂ ᠠᠭᠤᠯᠠ ᠠᠭᠤᠷᠬᠠᠢ ᠶ᠋ᠢᠨ ᠰᠠᠯᠪᠤᠷᠢ ᠶ᠋ᠢᠨ ᠣᠷᠣᠯᠭ᠎ᠠ ᠶ᠋ᠢ ᠬᠡᠰᠢᠭ ᠂ ᠬᠤᠪᠢ ᠪᠣᠯᠭᠠᠵᠤ ᠬᠤᠪᠢᠶᠠᠷᠢᠯᠠᠬᠤ ᠵᠡᠷᠭᠡ ᠶ᠋ᠢ ᠬᠠᠤᠯᠢ ᠪᠡᠷ ᠬᠣᠷᠢᠭᠯᠠᠳᠠᠭ᠃ ᠳᠡᠭᠡᠷᠡᠬᠢ ᠬᠠᠤᠯᠢ ᠶ᠋ᠢᠨ ᠱᠠᠭᠠᠷᠳᠠᠯᠭ᠎ᠠ ᠶ᠋ᠢ ᠬᠠᠩᠭᠠᠭ᠎ᠠ ᠦᠭᠡᠢ 12 ᠨᠠᠮ ᠂ ᠡᠪᠰᠡᠯ ᠤᠨ ᠮᠥᠷ ᠤᠨ ᠬᠥᠲᠥᠯᠪᠦᠷᠢ ᠶ᠋ᠢ ᠪᠤᠴᠠᠭᠠᠭᠰᠠᠨ ᠪᠥᠭᠡᠳ ᠲᠠᠪᠤ᠋ ᠬᠣᠨᠣᠭ ᠤᠨ ᠳᠣᠲᠣᠷ᠎ᠠ ᠬᠠᠤᠯᠢ ᠳᠤ ᠨᠡᠶᠢᠴᠡᠭᠦᠯᠵᠦ ᠂ ᠳᠠᠬᠢᠨ ᠢᠷᠡᠭᠦᠯᠬᠦ ᠪᠣᠯᠣᠮᠵᠢᠲᠠᠢ ᠶ᠋ᠢ ᠣᠷᠣᠯᠠᠭᠴᠢ ᠳᠠᠷᠤᠭ᠎ᠠ ᠣ᠊·ᠲᠡᠩᠭᠢᠰ ᠣᠨᠴᠠᠯᠠᠭᠰᠠᠨ ᠶᠤᠮ ᠃ ᠲᠤᠬᠠᠶᠢᠯᠠᠪᠠᠯ ᠂ ᠴᠠᠯᠢᠩ ᠢ 2  5 ᠰᠠᠶ᠎ᠠ ᠲᠥᠭᠥᠷᠢᠭ ᠲᠦ ᠬᠦᠷᠭᠡᠬᠦ ᠨᠡᠶᠢᠲᠡᠯᠢᠭ ᠠᠮᠠᠯᠠᠯᠲᠠ ᠨᠢ ᠲᠥᠰᠥᠪ ᠤᠨ ᠵᠠᠷᠤᠯᠭ᠎ᠠ ᠶ᠋ᠢ ᠶᠡᠬᠡ ᠬᠡᠮᠵᠢᠶ᠎ᠡ ᠪᠡᠷ ᠨᠡᠮᠡᠬᠦ ᠪᠡᠷ ᠪᠠᠶᠢᠨ᠎ᠠ ᠃ ᠮᠥᠨ ᠣᠷᠣᠨ ᠰᠠᠭᠤᠴᠠᠨ ᠳᠤ ᠦᠨ᠎ᠡ ᠦᠭᠡᠢ ᠣᠷᠣᠭᠤᠯᠬᠤ ᠂ ᠠᠷᠠᠯᠵᠢᠶᠠᠨ ᠤ ᠪᠠᠩᠬᠢ ᠶ᠋ᠢᠨ ᠵᠢᠭᠡᠯᠡᠯᠭᠡ ᠶ᠋ᠢ ᠬᠦᠦ ᠦᠭᠡᠢ ᠪᠣᠯᠭᠠᠬᠤ ᠵᠡᠷᠭᠡ ᠠᠮᠠᠯᠠᠯᠲᠠ ᠬᠠᠤᠯᠢ ᠵᠥᠷᠢᠴᠡᠵᠦ ᠪᠠᠶᠢᠨ᠎ᠠ ᠬᠡᠮᠡᠨ ᠦᠵᠡᠵᠡᠢ ᠃

ᠮᠥᠷ  ᠤᠨ ᠬᠥᠲᠥᠯᠪᠦᠷᠢ ᠨᠢ ᠬᠠᠤᠯᠢ ᠳᠤ ᠨᠡᠶᠢᠴᠡᠭᠰᠡᠨ ᠨᠠᠮ ᠄

ᠵᠣᠨ ᠣᠯᠠᠨ ᠤ ᠨᠠᠮ᠂ ᠬᠥᠭᠵᠢᠯ ᠤᠨ ᠬᠥᠲᠥᠯᠪᠦᠷᠢ ᠨᠠᠮ ᠂ ᠳᠡᠯᠡᠬᠡᠢ ᠶ᠋ᠢᠨ ᠮᠣᠩᠭᠣᠯᠴᠤᠳ ᠤᠨ ᠨᠠᠮ ᠂

ᠡᠷᠬᠡ ᠴᠢᠯᠦᠭᠡ ᠶ᠋ᠢ ᠬᠡᠷᠡᠭᠵᠢᠭᠦᠯᠦᠭᠴᠢ ᠨᠠᠮ ᠂ᠡᠬᠡ ᠣᠷᠣᠨ ᠨᠠᠮ ᠂ᠠᠷᠠᠳ ᠲᠦᠮᠡᠨ ᠤᠨ ᠣᠯᠠᠩᠬᠢ ᠶ᠋ᠢᠨ ᠵᠠᠰᠠᠭᠯᠠᠯ ᠨᠠᠮ᠂ ᠠᠷᠠᠳ ᠲᠦᠮᠡᠨ ‍ᠣ ᠨᠠᠮ ᠃

ᠰᠡᠳᠬᠢᠭᠳᠡᠯ ᠦᠯᠡᠳᠡᠭᠡᠬᠦ