50100 ᠠᠷᠢᠭᠤᠨ ᠴᠡᠪᠡᠷ ᠦᠨ ᠪᠠᠶᠢᠭᠤᠯᠤᠮᠵᠢ ᠪᠠᠷᠢᠨ᠎ᠠ | News.MN

50100 ᠠᠷᠢᠭᠤᠨ ᠴᠡᠪᠡᠷ ᠦᠨ ᠪᠠᠶᠢᠭᠤᠯᠤᠮᠵᠢ ᠪᠠᠷᠢᠨ᠎ᠠ

 

ᠬᠥᠪᠰᠥᠬᠥᠯ ᠠᠶᠢᠮᠠᠭ ᠤᠨ ᠬᠠᠳᠬᠤᠯ ᠲᠣᠰᠬᠤᠨ ᠳᠤ ᠡᠨᠡ ᠰᠠᠷ᠎ᠠ ᠶ᠋ᠢᠨ 3-4  ᠳᠤ ᠪᠠᠶᠢᠭᠠᠯᠢ ᠣᠷᠴᠢᠨ ᠂ ᠠᠶᠠᠯᠠᠯ ᠵᠢᠭᠤᠯᠴᠢᠯᠠᠯ ᠤᠨ ᠶᠠᠮᠤᠨ ᠤ  ᠬᠢᠨ ᠠᠵᠢᠯᠯᠠᠪᠠ ᠃ ᠡᠨᠡ ᠦᠶ᠎ᠡ ᠪᠡᠷ ᠬᠥᠪᠰᠥᠬᠥᠯ ᠨᠠᠭᠤᠷ ᠤᠨ ᠡᠷᠭᠢ ᠳ᠋ᠥ ᠪᠠᠷᠢᠬᠤ ᠨᠠᠶᠢᠷᠠᠮᠳᠠᠯ  2 ᠵᠤᠰᠠᠯᠠᠩ ᠤᠨ ᠪᠠᠷᠢᠯᠭ᠎ᠠ ᠶ᠋ᠢᠨ ᠠᠵᠢᠯ ᠢ ᠬᠠᠮᠢᠭ᠎ᠠ ᠡᠬᠢᠯᠡᠭᠦᠯᠬᠦ ᠂ ᠲᠣᠭᠲᠠᠪᠤᠷᠢᠲᠠᠢ ᠠᠶᠠᠯᠠᠯ ᠵᠢᠭᠤᠯᠴᠢᠯᠠᠯ ᠢ ᠬᠥᠭᠵᠢᠭᠦᠯᠬᠦ ᠲᠥᠰᠥᠯ ᠤᠨ ᠶᠡᠷᠦᠩᠬᠡᠢ ᠲᠥᠯᠥᠪᠯᠡᠯᠲᠡ᠂ ᠠᠶᠠᠯᠠᠯ ᠵᠢᠭᠤᠯᠴᠢᠯᠠᠯ ᠤᠨ ᠴᠣᠭᠴᠠᠯᠠᠪᠤᠷᠢ ᠵᠡᠷᠭᠡ ᠶ᠋ᠢᠨ ᠦᠢᠯᠡ ᠠᠵᠢᠯᠯᠠᠭ᠎ᠠ ᠲᠠᠢ ᠲᠠᠨᠢᠯᠴᠠᠯ᠎ᠠ ᠃

ᠮᠦᠨ 50100 ᠠᠶᠠᠯᠠᠯ ᠵᠢᠭᠤᠯᠴᠢᠯᠠᠯ ᠤᠨ ᠴᠤᠭᠴᠠᠯᠠᠪᠤᠷᠢ ᠳᠤ ᠪᠠᠶᠢᠭᠠᠯᠢ ᠣᠷᠴᠢᠨ ᠠᠶᠠᠯᠠᠯ ᠵᠢᠭᠤᠯᠴᠢᠯᠠᠯ ᠤᠨ ᠶᠠᠮᠤᠨ ᠡᠴᠠ ᠠᠷᠢᠭᠤᠨ ᠴᠡᠪᠡᠷ ᠦᠨ ᠪᠠᠶᠢᠭᠤᠯᠤᠮᠵᠢ ᠶ᠋ᠢᠨ ᠪᠠᠷᠢᠯᠭ᠎ᠠ ᠪᠠᠷᠢᠬᠤ ᠪᠠ  ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤᠨ ᠡᠴᠠ ᠬᠥᠭᠵᠢᠯ ᠤᠨ ᠪᠡᠷᠬᠡᠰᠢᠶᠡᠯ ᠲᠠᠢ ᠢᠷᠭᠡᠳ ᠪᠣᠯᠣᠨ ᠬᠡᠦᠬᠡᠳ ᠲᠥ ᠵᠣᠷᠢᠭᠤᠯᠤᠭᠰᠠᠨ ᠣᠷᠴᠢᠨ ᠨᠥᠬᠥᠴᠡᠯ ᠢ ᠪᠦᠷᠢᠳᠦᠭᠦᠯᠬᠦ ᠳ᠋ᠥ ᠱᠠᠭᠠᠷᠳᠠᠭᠳᠠᠬᠤ ᠲᠧᠭᠨᠢᠭ ᠬᠡᠷᠡᠭᠰᠡᠯ ᠢ ᠣᠯᠭᠣᠬᠤ ᠪᠡᠷ ᠰᠢᠢᠳᠪᠦᠷᠢᠯᠡᠯ᠎ᠡ ᠃

ᠰᠡᠳᠬᠢᠭᠳᠡᠯ ᠦᠯᠡᠳᠡᠭᠡᠬᠦ