ᠺᠷᠢᠺᠸᠲ ᠦᠨ ᠲᠤᠰᠬᠠᠢ ᠵᠣᠷᠢᠭᠤᠯᠤᠯᠲᠠ ᠶ᠋ᠢᠨ ᠲᠠᠯᠠᠪᠠᠢ ᠶ᠋ᠢ ᠪᠠᠶᠢᠭᠤᠯᠵᠤ ᠪᠠᠶᠢᠨ᠎ᠠ | News.MN

ᠺᠷᠢᠺᠸᠲ ᠦᠨ ᠲᠤᠰᠬᠠᠢ ᠵᠣᠷᠢᠭᠤᠯᠤᠯᠲᠠ ᠶ᠋ᠢᠨ ᠲᠠᠯᠠᠪᠠᠢ ᠶ᠋ᠢ ᠪᠠᠶᠢᠭᠤᠯᠵᠤ ᠪᠠᠶᠢᠨ᠎ᠠ

ᠪᠠᠶᠠᠨᠬᠣᠩᠭᠣᠷ ᠠᠶᠢᠮᠠᠭ ᠲᠤ ᠺᠷᠢᠺᠸᠲ ᠰᠫᠣᠷᠲ ᠤᠨ ᠲᠤᠰᠬᠠᠢ ᠵᠣᠷᠢᠭᠤᠯᠤᠯᠲᠠ ᠶ᠋ᠢᠨ ᠲᠠᠯᠠᠪᠠᠢ ᠶ᠋ᠢ ᠵᠠᠰᠠᠵᠤ ᠲᠣᠬᠢᠵᠢᠭᠤᠯᠬᠤ ᠠᠵᠢᠯ ᠢ ᠡᠬᠢᠯᠡᠭᠦᠯᠦᠭᠡᠳ ᠪᠠᠶᠢᠨ᠎ᠠ ᠃ ᠲᠤᠰ ᠲᠠᠯᠠᠪᠠᠢ ᠳᠦ ᠬᠡᠦᠬᠡᠳ ᠤᠳ ᠵᠤᠨ ᠳ᠋ᠤ ᠪᠠᠨ ᠺᠷᠢᠺᠸᠲ ᠦᠨ ᠰᠫᠣᠷᠲ ᠢᠶᠠᠷ ᠬᠢᠴᠢᠶᠡᠯᠯᠡᠬᠦ ᠪᠣᠯ ᠡᠪᠦᠯ ᠨᠢ ᠮᠥᠰᠥᠨ ᠺᠤᠲ᠋ᠤᠺ ᠪᠣᠯᠭᠠᠨ ᠠᠵᠢᠯᠯᠠᠭᠤᠯᠬᠤ ᠠᠵᠠᠢ᠃  ᠡᠶᠢᠮᠣ ᠲᠠᠯᠠᠪᠠᠢ ᠲᠠᠢ ᠪᠣᠯᠣᠭᠰᠠᠨ ᠢᠶᠠᠷ ᠬᠡᠦᠬᠡᠳ ᠂ ᠵᠠᠯᠠᠭᠤᠰ ᠪᠠᠭ ᠢᠶᠠᠷ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶ᠋ᠢᠨ ᠵᠡᠷᠭᠡᠴᠡᠭᠡ ᠵᠥᠪ ᠲᠥᠯᠥᠪᠰᠢᠯ ᠂ ᠡᠷᠡᠭᠦᠯ ᠴᠢᠭᠢᠷᠠᠭ ᠪᠡᠶ᠎ᠡ ᠪᠢᠯᠳᠠᠷ ᠲᠠᠢ ᠪᠣᠯᠵᠤ ᠂ ᠴᠢᠯᠦᠭᠡᠲᠦ ᠴᠠᠭ ᠢᠶᠡᠨ ᠵᠥᠪ ᠪᠣᠯᠪᠠᠰᠤᠨ ᠥᠩᠭᠡᠷᠡᠭᠦᠯᠬᠦ ᠪᠣᠯᠣᠮᠵᠢᠲᠠᠢ ᠪᠣᠯᠣᠨ᠎ᠠ ᠭᠡᠳᠡᠭ ᠢ ᠪᠠᠶᠠᠨᠬᠣᠩᠭᠣᠷ ᠠᠶᠢᠮᠠᠭ ᠤᠨ ᠺᠷᠢᠺᠸᠲ ᠦᠨ ᠬᠣᠯᠪᠣᠭᠠᠨ ᠤ ᠬᠢᠨ ᠬᠡᠯᠡᠵᠦ ᠪᠠᠶᠢᠨ᠎ᠠ ᠃

ᠬᠣᠯᠪᠣᠭᠠᠨ ᠤ ᠬᠢᠨ ᠡᠷᠡᠭᠲᠡᠢ᠂ ᠡᠮᠡᠭᠲᠡᠢ ᠰᠢᠭᠰᠢᠭᠡ ᠪᠠᠭ ᠢ ᠪᠡᠯᠡᠳᠬᠡᠨ ︽ ᠬᠡᠦᠬᠡᠳ  ᠤᠨ ᠰᠫᠣᠷᠲ ᠤᠨ ᠵᠢᠷᠭᠤᠳᠤᠭᠠᠷ ᠶᠡᠬᠡ ᠨᠠᠭᠠᠳᠤᠮ ︾ ᠳ᠋ᠥ ᠬᠣᠣᠰ ᠮᠥᠩᠭᠥᠨ ᠮᠧᠳᠠᠯ ᠠᠪᠴᠤ ᠂ ᠲᠠᠩᠬᠢᠮ ᠤᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳ᠋ᠥ ᠠᠮᠵᠢᠯᠲᠠᠲᠠᠢ ᠣᠷᠣᠯᠴᠠᠭᠠᠳ ᠪᠤᠢ᠃ ᠲᠡᠭᠡᠪᠡᠯ ᠡᠨᠡ ᠵᠢᠯ  ᠤᠨ ᠵᠢᠷᠭᠤᠳᠤᠭᠠᠷ ᠰᠠᠷ᠎ᠠ ᠳᠤ ᠪᠣᠯᠬᠤ ᠺᠷᠢᠺᠸᠲ ᠦᠨ ᠤᠯᠤᠰ ᠤᠨ ᠠᠪᠤᠷᠭᠤ ᠂ ᠶᠢᠰᠦᠳᠦᠭᠡᠷ ᠰᠠᠷ᠎ᠠ ᠳᠤ ᠵᠣᠬᠢᠶᠠᠨ ᠪᠠᠶᠢᠭᠤᠯᠬᠤ ︽ ᠤᠯᠠᠨ ᠤᠯᠤᠰ ᠤᠨ ᠵᠠᠯᠠᠭᠤᠴᠤᠳ ᠤᠨ ᠨᠣᠭᠣᠭᠠᠨ ᠨᠠᠭᠠᠳᠤᠮ ︾ ᠳ᠋ᠥ ᠣᠷᠣᠯᠴᠠᠬᠤ ᠪᠡᠯᠡᠳᠬᠡᠯ ᠢᠶᠠᠨ ᠬᠢᠵᠦ ᠪᠠᠶᠢᠭ᠎ᠠ ᠶᠤᠮ ᠪᠠᠶᠢᠨ᠎ᠠ᠃

 

ᠰᠡᠳᠬᠢᠭᠳᠡᠯ ᠦᠯᠡᠳᠡᠭᠡᠬᠦ