《ᠳᠤᠩ ᠤᠨ ᠡᠭᠡᠰᠢᠭ -2020》 ᠢ ᠴᠠᠬᠢᠮ ᠢᠶᠠᠷ ᠵᠣᠬᠢᠶᠠᠨ ᠪᠠᠶᠢᠭᠤᠯᠤᠯ᠎ᠠ | News.MN

《ᠳᠤᠩ ᠤᠨ ᠡᠭᠡᠰᠢᠭ -2020》 ᠢ ᠴᠠᠬᠢᠮ ᠢᠶᠠᠷ ᠵᠣᠬᠢᠶᠠᠨ ᠪᠠᠶᠢᠭᠤᠯᠤᠯ᠎ᠠ

ᠵᠠᠭᠦᠨ ᠬᠠᠷᠠᠭ᠎ᠠ ᠬᠡᠦᠬᠡᠳ ᠦᠨ ᠣᠷᠳᠣᠨ ᠠᠴᠠ ᠤᠯᠠᠮᠵᠢᠯᠠᠯ ᠪᠣᠯᠭᠠᠨ ᠵᠣᠬᠢᠶᠠᠨ ᠪᠠᠶᠢᠭᠤᠯᠳᠠᠭ ᠰᠡᠯᠡᠩᠭᠡ ᠠᠶᠢᠮᠠᠭ ᠤᠨ ᠮᠠᠨᠳᠤᠯ ᠰᠤᠮᠤ ᠶᠢᠨ ᠠᠪᠤᠷᠭᠤ ᠰᠢᠯᠭᠠᠷᠠᠭᠤᠯᠬᠤ 《ᠳᠤᠩ ᠤᠨ ᠡᠭᠡᠰᠢᠭ-2020》 ᠨᠠᠭᠠᠳᠤᠮ ᠡᠨᠡ ᠵᠢᠯ ᠴᠠᠬᠢᠮ ᠬᠡᠯᠪᠡᠷᠢ ᠪᠡᠷ ᠠᠮᠵᠢᠯᠲᠠ ᠲᠠᠢ ᠪᠣᠯᠵᠠᠢ᠃ ᠨᠠᠭᠠᠳᠤᠮ ᠳᠤ 50 ᠰᠤᠷᠤᠭᠴᠢ ᠪᠦᠲᠦᠭᠡᠯ ᠢᠶᠡᠨ ᠢᠷᠡᠭᠦᠯᠦᠨ ᠣᠷᠣᠯᠴᠠᠭᠰᠠᠨ ᠪᠠᠶᠢᠨ᠎ᠠ᠃ ᠡᠯ᠎ᠡ ᠨᠠᠭᠠᠳᠤᠮ ᠢ ᠪᠠᠭ᠎ᠠ᠂ ᠳᠤᠮᠳᠠ᠂ ᠠᠬᠠᠯᠠᠬᠤ ᠨᠠᠰᠤᠨ ᠤ ᠠᠩᠭᠢᠯᠠᠯ ᠢᠶᠠᠷ ᠵᠣᠬᠢᠶᠠᠨ ᠪᠠᠶᠢᠭᠤᠯᠵᠤ᠂ ᠨᠠᠰᠤ ᠲᠤᠰ ᠪᠦᠷᠢ ᠡᠴᠡ 1 ᠍ ᠡᠴᠡ 4 ᠍ ᠳᠦᠭᠡᠷ ᠪᠠᠶᠢᠷᠢ ᠡᠵᠡᠯᠡᠭᠰᠡᠨ ᠰᠤᠷᠤᠭᠴᠢᠳ ᠢ ᠲᠣᠳᠣᠷᠠᠭᠤᠯᠤᠨ ᠰᠢᠯᠭᠠᠷᠠᠭᠤᠯᠵᠠᠢ᠃ ᠰᠢᠯᠭᠠᠷᠠᠭᠰᠠᠨ ᠰᠤᠷᠤᠭᠴᠢᠳ ᠤᠨ ᠱᠠᠩᠨᠠᠯ ᠢ  ᠵᠡᠭᠦᠨ ᠬᠠᠷᠠᠭ᠎ᠠ ᠬᠡᠦᠬᠡᠳ ᠦᠨ ᠣᠷᠳᠣᠨ ᠤ ᠠᠵᠢᠯᠲᠠᠨ ᠠᠯᠪᠠ ᠬᠠᠭᠠᠭᠴᠢᠳ ᠥᠪᠡᠷᠰᠡᠳ ᠦᠨ ᠪᠡᠶ᠎ᠡ ᠪᠡᠷ ᠭᠡᠷ ᠲᠦ ᠨᠢ ᠣᠴᠢᠵᠤ ᠭᠠᠷᠳᠠᠭᠤᠯᠤᠨ ᠥᠭᠭᠦᠭᠰᠡᠨ ᠪᠠᠶᠢᠨ᠎ᠠ᠃

ᠠᠬᠠᠯᠠᠬᠤ ᠨᠠᠰᠤᠨ ᠤ ᠠᠩᠭᠢᠯᠠᠯ ᠳᠤ ᠬᠡᠷᠦᠬᠦ ᠰᠤᠷᠭᠠᠭᠤᠯᠢ ᠶᠢᠨ 10 ᠠ ᠠᠩᠬᠢ ᠶᠢᠨ ᠰᠤᠷᠤᠭᠴᠢ ᠳ∙ᠮᠦᠩᠭᠦᠨᠰᠤᠮᠤ ︽ᠪᠢ ᠦᠷᠭᠦᠯᠵᠢᠯᠡᠯ︾᠂ ᠳᠤᠮᠳᠠ ᠨᠠᠰᠤᠨ ᠤ ᠠᠩᠭᠢᠯᠠᠯ ᠳᠤ ᠮᠠᠨᠳᠠᠯ ᠶᠡᠷᠦᠩᠬᠡᠢ ᠪᠣᠯᠪᠠᠰᠤᠷᠠᠯ ᠤᠨ 3 ᠍ ᠳᠦᠭᠡᠷ ᠰᠤᠷᠭᠠᠭᠤᠯᠢ ᠶᠢᠨ 6 ᠪ ᠠᠩᠬᠢ ᠶᠢᠨ ᠰᠤᠷᠤᠭᠴᠢ ᠪ ∙ ᠡᠩᠬᠡᠵᠢᠨ ︽ᠮᠢᠨᠦ ᠡᠮᠡᠭᠡ︾᠂ ᠪᠠᠭ᠎ᠠ ᠨᠠᠰᠤᠨ ᠤ ᠠᠩᠭᠢᠯᠠᠯ ᠳᠤ ᠲᠦᠩᠬᠦᠯ ᠰᠤᠷᠭᠠᠭᠤᠯᠢ ᠶᠢᠨ 5 ᠪ ᠠᠩᠬᠢ ᠶᠢᠨ ᠰᠤᠷᠤᠭᠴᠢ ᠠ᠊ ∙ᠤᠤᠭᠠᠨᠴᠢᠮᠡᠭ︽ᠮᠢᠨᠦ ᠡᠬᠡ ᠣᠷᠣᠨ︾ ᠰᠢᠯᠦᠭ ᠢᠶᠡᠷ ᠢᠶᠡᠨ ᠲᠤᠰ ᠲᠤᠰ ᠲᠡᠷᠢᠭᠦᠨ ᠪᠠᠶᠢᠷᠢ ᠶᠢᠨ ᠡᠵᠡᠳ ᠪᠣᠯᠤᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ