ᠰᠫᠣᠷᠲ᠂ ᠰᠤᠶᠤᠯ ᠤᠷᠠᠯᠢᠭ ᠤᠨ ᠵᠠᠷᠢᠮ ᠭᠠᠵᠠᠷ  ᠢ ᠨᠡᠭᠡᠭᠡᠬᠦ ᠪᠡᠷ ᠪᠣᠯᠤᠯ᠎ᠠ | News.MN

ᠰᠫᠣᠷᠲ᠂ ᠰᠤᠶᠤᠯ ᠤᠷᠠᠯᠢᠭ ᠤᠨ ᠵᠠᠷᠢᠮ ᠭᠠᠵᠠᠷ  ᠢ ᠨᠡᠭᠡᠭᠡᠬᠦ ᠪᠡᠷ ᠪᠣᠯᠤᠯ᠎ᠠ

ᠰᠢᠨ᠎ᠡ ᠺᠣᠷᠤᠨᠠᠸᠢᠷᠦᠰ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠪᠠᠷ ᠨᠡᠶᠢᠰᠯᠡᠯ ᠦᠨ ᠬᠡᠮᠵᠢᠶᠡᠨ ᠳᠦ ᠪᠦᠬᠦ ᠲᠦᠷᠦᠯ ᠦᠨ ᠪᠠᠭᠠᠷ᠂ ᠰᠫᠣᠷᠲ ᠲᠠᠩᠬᠢᠮ ᠵᠡᠷᠭᠡ ᠰᠫᠣᠷᠲ᠂ ᠰᠤᠶᠤᠯ ᠤᠷᠠᠯᠢᠭ ᠤᠨ ᠭᠠᠵᠠᠷ ᠤᠳ᠂ ᠰᠤᠷᠭᠠᠯᠲᠠ ᠶᠢᠨ ᠲᠥᠪ ᠦᠳ ᠦᠨ ᠦᠢᠯᠡᠴᠢᠯᠡᠭᠡ ᠶᠢ ᠲᠦᠷ  ᠵᠤᠭᠰᠤᠭᠠᠬᠤ ᠵᠠᠬᠢᠷᠤᠮᠵᠢ ᠶᠢ ᠨᠡᠶᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠤᠲᠠ ᠶᠢᠨᠵᠠᠬᠢᠷᠤᠭᠴᠢ ᠰ ∙ᠠᠮᠤᠷᠰᠠᠶᠢᠬᠠᠨ ᠳᠥᠷᠪᠡᠳᠦᠭᠡᠷ ᠰᠠᠷ᠎ᠠ ᠶᠢᠨ 30 ᠬᠦᠷᠲᠡᠯ᠎ᠡ ᠭᠠᠷᠭᠠᠭᠠᠳ ᠪᠠᠶᠢᠭᠰᠠᠨ ᠶᠤᠮ᠃ ᠡᠨᠡᠬᠦ ᠵᠠᠬᠢᠷᠤᠮᠵᠢ ᠶᠢᠨ ᠬᠤᠭᠤᠴᠠᠭ᠎ᠠ ᠨᠢ ᠥᠴᠥᠭᠡᠳᠦᠷ ᠳᠠᠭᠤᠰᠬᠠᠪᠤᠷᠢ ᠪᠣᠯᠤᠭᠰᠠᠨ ᠲᠠᠢ ᠬᠣᠯᠪᠣᠭᠳᠠᠭᠤᠯᠤᠨ ᠰᠢᠨ᠎ᠡ ᠪᠡᠷ ᠵᠠᠬᠢᠷᠤᠮᠵᠢ ᠭᠠᠷᠭᠠᠵᠠᠢ᠃ ᠵᠠᠰᠠᠭ ᠤᠨ ᠭᠠᠵᠠᠷ ᠠᠴᠠ ᠥᠭᠭᠦᠭᠰᠡᠨ ᠡᠭᠦᠷᠭᠡ ᠴᠢᠭᠯᠡᠯ᠂ ᠢᠷᠭᠡᠳ᠂ ᠠᠵᠤ ᠠᠬᠤᠢ ᠶᠢᠨ ᠨᠢᠭᠡᠴᠡ ᠶᠢᠨ ᠬᠦᠰᠡᠯᠲᠡ ᠰᠠᠨᠠᠯ ᠢ ᠦᠨᠳᠦᠰᠦᠯᠡᠨ ᠨᠡᠶᠢᠰᠯᠡᠯ ᠦᠨ ᠨᠤᠲᠤᠭ ᠳᠡᠪᠢᠰᠬᠡᠷ ᠲᠦ ᠰᠲ᠋ᠠᠨᠳᠠᠷᠲ ᠤᠨ ᠱᠠᠭᠠᠷᠳᠠᠯᠭ᠎ᠠ ᠬᠠᠩᠭᠠᠬᠤ ᠬᠡᠮᠵᠢᠶᠡᠨ ᠳᠦ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠰᠫᠣᠷᠲ ᠲᠠᠩᠬᠢᠮ᠂ ᠪᠠᠰᠰᠧᠢᠨ᠂ ᠪᠦᠵᠢᠭ ᠦᠨ ᠺᠯᠦ᠋ᠪ᠂ ᠰᠤᠷᠭᠠᠯᠲᠠ ᠶᠢᠨ ᠲᠥᠪ ᠦᠨ ᠲᠡᠩᠬᠡᠮ ᠦᠨ ᠰᠤᠷᠭᠠᠯᠲᠠ ᠠᠴᠠ ᠪᠤᠰᠤᠳ ᠰᠤᠷᠭᠠᠯᠲᠠ ᠶᠢᠨ ᠦᠢᠯᠡ ᠠᠵᠢᠯᠯᠠᠭ᠎ᠠ ᠶᠢ ᠥᠨᠥᠳᠥᠷ ᠡᠴᠡ ᠡᠬᠢᠯᠡᠨ ᠨᠡᠭᠡᠭᠡᠬᠦ ᠪᠡᠷ ᠪᠣᠯᠵᠠᠢ᠃

ᠮᠥᠨ ᠠᠷᠢᠬᠢ ᠰᠤᠭᠳᠤᠭᠤᠷᠠᠭᠤᠯᠬᠤ ᠤᠮᠳᠠᠭᠠᠨ ᠢᠶᠠᠷ ᠦᠢᠯᠡᠴᠢᠯᠡᠳᠡᠭ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠶᠠᠪᠤᠭᠤᠯᠬᠤ ᠴᠠᠭ ᠤᠨ ᠬᠤᠪᠢᠶᠠᠷᠢ ᠶᠢ 22.00 ᠴᠠᠭ ᠢᠶᠠᠷ ᠬᠢᠵᠠᠭᠠᠷᠯᠠᠵᠤ ᠪᠠᠶᠢᠭᠰᠠᠨ ᠢ ᠥᠭᠡᠷᠡᠴᠢᠯᠡᠵᠦ 00᠄00 ᠴᠠᠭ ᠪᠣᠯᠲᠠᠯ᠎ᠠ ᠰᠤᠩᠭᠠᠭᠰᠠᠨ ᠪᠠᠶᠢᠨ᠎ᠠ᠃ ᠲᠡᠭᠦᠨᠴᠢᠯᠡᠨ ᠰᠦᠮ᠎ᠡ ᠬᠡᠶᠢᠳ ᠦᠨ ᠪᠠᠶᠢᠭᠤᠯᠤᠯᠭ᠎ᠠ ᠨᠤᠭᠤᠳ ᠵᠥᠪᠬᠡᠨ ᠳᠣᠲᠣᠭᠠᠳᠤ ᠦᠢᠯᠡ ᠠᠵᠢᠯᠯᠠᠭ᠎ᠠ  ᠪᠠᠨ ᠡᠷᠬᠢᠯᠡᠵᠦ ᠪᠣᠯᠬᠤ ᠶᠢ ᠵᠠᠬᠢᠷᠤᠮᠵᠢ ᠳᠤ ᠳᠤᠷᠠᠳᠴᠠᠢ᠃

ᠰᠡᠳᠬᠢᠭᠳᠡᠯ ᠦᠯᠡᠳᠡᠭᠡᠬᠦ