ᠡᠪᠡᠳᠴᠢᠨ ᠵᠣᠪᠠᠯᠠᠩ ᠥᠷᠢᠰᠦᠯᠳᠦᠭᠡᠨ ᠪᠢᠰᠢ | News.MN

ᠡᠪᠡᠳᠴᠢᠨ ᠵᠣᠪᠠᠯᠠᠩ ᠥᠷᠢᠰᠦᠯᠳᠦᠭᠡᠨ ᠪᠢᠰᠢ

 

ᠳᠡᠯᠡᠬᠡᠢ ᠶᠢᠨ ᠬᠡᠪᠯᠡᠯ ᠦᠨ ᠡᠷᠬᠡ ᠴᠢᠯᠦᠭᠡᠨ ᠦ ᠡᠳᠦᠷ ᠢ ᠲᠣᠬᠢᠶᠠᠯᠳᠤᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠬ∙ᠪᠠᠲᠤᠲᠤᠯᠭ᠎ᠠ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠨᠡᠶᠢᠲᠡ ᠠᠵᠢᠯᠲᠠᠳ  ᠲᠤ ᠬᠠᠨᠳᠤᠨ ᠢᠯᠡᠭᠡᠯᠲᠡ ᠭᠠᠷᠭᠠᠯ᠎ᠠ᠃

ᠡᠷᠬᠢᠮ ᠰᠡᠳᠬᠦᠯᠴᠢᠳ ᠡ᠂ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠠᠵᠢᠯᠲᠠᠳ ᠡ᠂ ᠲᠠ ᠪᠦᠬᠦᠨ ᠳᠦ ᠳᠡᠯᠡᠬᠡᠢ ᠶᠢᠨ ᠬᠡᠪᠯᠡᠯ ᠦᠨ ᠡᠷᠬᠡ ᠴᠢᠯᠦᠭᠡᠨ ᠦ ᠡᠳᠦᠷ ᠦᠨ ᠮᠡᠨᠳᠦ ᠶᠢ ᠳᠡᠪᠰᠢᠭᠦᠯᠦᠶ᠎ᠡ᠃ ᠳᠡᠯᠡᠬᠡᠢ  ᠳ᠋ᠠᠬᠢᠨ᠎ᠠ ᠺᠣᠷᠤᠨᠠᠸᠢᠷᠦᠰ ᠤᠨ ᠬᠠᠯᠳᠠᠪᠤᠷᠢ ᠲᠠᠷᠬᠠᠵᠤ ᠪᠠᠶᠢᠭ᠎ᠠ ᠡᠨᠡ ᠴᠠᠭ ᠦᠶ᠎ᠡ ᠳᠦ ᠣᠨᠴᠠᠭᠠᠢ ᠪᠠᠶᠢᠳᠠᠯ᠂ ᠴᠠᠭᠳᠠᠭ᠎ᠠ᠂ ᠡᠮᠴᠢ  ᠮᠡᠷᠭᠡᠵᠢᠯᠲᠡᠳ ᠡᠴᠡ ᠳᠤᠲᠠᠬᠤ ᠦᠭᠡᠢ ᠪᠡᠯᠡᠨ ᠪᠠᠶᠢᠳᠠᠯ ᠳᠤ ᠠᠵᠢᠯᠯᠠᠵᠤ᠂ ᠨᠡᠶᠢᠭᠡᠮ ᠤᠨ ᠠᠮᠤᠭᠤᠯᠠᠩ ᠲᠠᠶᠢᠪᠤᠩ ᠪᠠᠶᠢᠳᠠᠯ ᠢ ᠰᠠᠬᠢᠭᠤᠯᠬᠤ ᠳᠤ ᠦᠨᠡᠨ ᠪᠣᠳᠠᠲᠤ ᠮᠡᠳᠡᠭᠡᠯᠡᠯ ᠢᠶᠡᠷ ᠦᠨᠡᠲᠡᠢ ᠬᠤᠪᠢ ᠨᠡᠮᠡᠷᠢ ᠪᠡᠨ ᠣᠷᠣᠭᠤᠯᠵᠤ ᠪᠤᠢ ᠲᠠ ᠪᠦᠬᠦᠨ ᠳᠦ ᠶᠠᠭᠤᠨ ᠲᠦᠷᠦᠭᠦᠨ ᠳᠦ ᠲᠠᠯᠠᠷᠬᠠᠯ ᠢᠯᠡᠷᠬᠡᠶᠢᠯᠡᠶ᠎ᠡ᠃ ᠡᠪᠡᠳᠴᠢᠨ ᠵᠣᠪᠠᠯᠠᠩ ᠨᠢ ᠥᠷᠢᠰᠦᠯᠳᠦᠭᠡᠨ ᠪᠢᠰᠢ ᠪᠥᠭᠡᠳ ᠲᠤᠶᠢᠯ ᠤᠨ ᠡᠮᠵᠡᠭ ᠡᠨᠡ ᠦᠶ᠎ᠡ ᠳᠦ ᠦᠨᠡᠨ ᠪᠥᠭᠡᠳ ᠪᠠᠲᠤᠯᠠᠭ᠎ᠠ ᠲᠠᠢ ᠮᠡᠳᠡᠭᠡᠯᠡᠯ ᠢ ᠬᠦᠷᠭᠡᠬᠦ ᠳᠦ ᠪᠡᠨ ᠴᠤ ᠭᠡᠰᠡᠨ ᠤᠬᠠᠭᠠᠨ ᠰᠡᠶᠢᠯᠵᠦ᠂ ᠦᠷ᠎ᠡ ᠳ᠋ᠦᠩ ᠢ ᠨᠢ ᠤᠷᠢᠳᠴᠢᠯᠠᠨ ᠲᠣᠭᠠᠴᠠᠨ᠎ᠠ ᠭᠡᠳᠡᠭ ᠲᠦ ᠢᠲᠡᠭᠡᠵᠦ ᠪᠠᠶᠢᠨ᠎ᠠ᠃
ᠡᠷᠬᠢᠮ ᠰᠡᠳᠬᠦᠯᠴᠢᠳ᠂ ᠰᠠᠯᠪᠤᠷᠢ ᠶᠢᠨ ᠤᠳᠤᠷᠢᠳᠤᠯᠭ᠎ᠠ ᠨᠠᠷ᠂ ᠰᠤᠳᠤᠯᠤᠭᠠᠴᠢᠳ ᠡ᠂ ᠪᠢ ᠪᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠬᠤᠪᠢ ᠪᠠᠷ ᠥᠩᠭᠡᠷᠡᠭᠰᠡᠨ ᠬᠣᠶᠠᠷ ᠵᠢᠯ ᠦᠨ ᠬᠤᠭᠤᠴᠠᠭᠠᠨ ᠳᠤ ᠰᠡᠳᠬᠦᠯᠴᠢ᠂ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ  ᠠᠵᠢᠯᠲᠠᠳ ᠲᠠ ᠪᠦᠬᠦᠨ ᠢ ᠥᠨᠳᠥᠷ ᠶᠣᠰᠣ ᠵᠦᠢ ᠲᠡᠢ᠂ ᠬᠠᠷᠢᠭᠤᠴᠠᠯᠭ᠎ᠠ ᠲᠠᠢ ᠪᠠᠶᠢᠬᠤ ᠶᠢ ᠤᠷᠢᠶᠠᠯᠠᠭᠰᠠᠨ᠃ ᠮᠥᠨ ᠮᠡᠷᠭᠡᠵᠢᠯ ᠦᠨ ᠰᠡᠳᠬᠦᠯ ᠵᠦᠢ ᠳᠦ ᠰᠠᠭᠤᠷᠢᠯᠠᠭᠰᠠᠨ᠂ ᠰᠡᠳᠬᠦᠯᠴᠢᠳ ᠦᠨ ᠪᠠᠶᠢᠭᠤᠯᠤᠯᠭ᠎ᠠ᠂ ᠮᠡᠷᠭᠡᠵᠢᠯ ᠦᠨ ᠬᠣᠯᠪᠣᠭ᠎ᠠ ᠵᠥᠪᠯᠡᠯ ᠦᠨ ᠲᠡᠩᠴᠡᠪᠦᠷᠢ ᠶᠢ ᠬᠠᠳᠠᠭᠠᠯᠠᠵᠤ᠂ ᠳᠣᠲᠣᠭᠠᠳᠤ ᠶᠢᠨ ᠮᠧᠬᠠᠨᠢᠰᠮ ᠢ ᠪᠡᠬᠢᠵᠢᠭᠦᠯᠬᠦ ᠠᠰᠠᠭᠤᠳᠠᠯ ᠳᠤ ᠠᠩᠬᠠᠷᠤᠯ ᠢᠶᠠᠨ ᠬᠠᠨᠳᠤᠭᠤᠯᠬᠤ  ᠶᠢ ᠬᠦᠰᠡᠭᠰᠡᠨ ᠪᠢᠯᠡ᠃ ᠡᠨᠡ ᠨᠢ ᠰᠡᠳᠬᠦᠯᠴᠢ ᠶᠢᠨ ᠮᠡᠷᠭᠡᠵᠢᠯ ᠦᠨ ᠦᠢᠯᠡ ᠠᠵᠢᠯᠯᠠᠭ᠎ᠠ ᠲᠠᠢ ᠨᠢ ᠬᠣᠯᠪᠣᠭᠳᠠᠭᠤᠯᠤᠨ ᠡᠷᠡᠭᠦᠦ ᠶᠢᠨ ᠬᠠᠷᠢᠭᠤᠴᠠᠯᠭ᠎ᠠ ᠬᠦᠯᠢᠶᠡᠯᠭᠡᠬᠦ ᠡᠴᠡ ᠵᠠᠢᠯᠡᠰᠭᠢᠬᠦ ᠠᠷᠭ᠎ᠠ ᠬᠡᠯᠪᠡᠷᠢ ᠶᠢ ᠳᠡᠮᠵᠢᠭᠰᠡᠨ᠂ ᠤᠷᠢᠶᠠᠯᠠᠭᠰᠠᠨ ᠠᠯᠬᠤᠮ ᠪᠠᠶᠢᠭᠰᠠᠨ ᠴᠤ ᠲᠣᠳᠣᠷᠬᠠᠢ ᠠᠬᠢᠴᠠ ᠭᠠᠷᠬᠤ ᠦᠭᠡᠢ ᠪᠠᠶᠢᠭ᠎ᠠ ᠨᠢ ᠰᠡᠳᠬᠦᠯᠴᠢᠳ ᠢ ᠠᠵᠢᠯ ᠮᠡᠷᠭᠡᠵᠢᠯ ᠲᠡᠢ ᠨᠢ ᠬᠣᠯᠪᠣᠭᠳᠠᠭᠤᠯᠤᠨ ᠰᠢᠯᠭᠠᠵᠤ ᠪᠠᠶᠢᠭ᠎ᠠ ᠣᠯᠠᠨ ᠵᠢᠱᠢᠶ᠎ᠡ ᠪᠡᠷ ᠢᠯᠡᠷᠡᠬᠦ ᠪᠣᠯᠤᠯ᠎ᠠ᠃ ᠮᠥᠨ ︽ᠬᠡᠪᠯᠡᠯ ᠦᠨ ᠡᠷᠬᠡ ᠴᠢᠯᠦᠭᠡᠨ ᠦ ᠲᠤᠬᠠᠢ︾ ᠬᠠᠤᠯᠢ ᠶᠢᠨ ᠡᠷᠭᠢᠨ ᠲᠣᠭᠣᠷᠢᠨ ᠳᠤ ᠪᠣᠯᠵᠤ ᠪᠤᠢ ᠦᠢᠯᠡ ᠶᠠᠪᠤᠳᠠᠯ ᠢ ᠠᠩᠬᠠᠷᠤᠯ ᠲᠠᠢ ᠠᠵᠢᠭᠯᠠᠵᠤ ᠪᠠᠶᠢᠭ᠎ᠠ ᠶᠢᠨ ᠬᠤᠪᠢ ᠳᠤ ᠬᠡᠪᠯᠡᠯ ᠮᠡᠳᠡᠭᠡᠯᠡᠯ ᠦᠨ ᠰᠠᠯᠪᠤᠷᠢ ᠶᠢᠨ ᠮᠡᠷᠭᠡᠵᠢᠯ ᠦᠨ ᠬᠣᠯᠪᠣᠭ᠎ᠠ ᠂ ᠰᠤᠳᠤᠯᠤᠭᠠᠴᠢᠳ ᠨᠢ ᠬᠡᠪᠯᠡᠯ ᠮᠡᠳᠡᠭᠡᠯᠡᠯ ᠦᠨ ᠰᠠᠯᠪᠤᠷᠢ ᠶᠢᠨ ᠥᠪᠡᠷ ᠦᠨ ᠵᠣᠬᠢᠴᠠᠭᠤᠯᠤᠯᠲᠠ ᠶᠢᠨ ᠪᠠᠶᠢᠭᠤᠯᠤᠯᠭ᠎ᠠ ᠶᠢ ᠬᠠᠤᠯᠢᠴᠢᠯᠠᠬᠤ ᠵᠡᠷᠭᠡ ᠬᠡᠳᠦ ᠬᠡᠳᠦᠨ ᠠᠰᠠᠭᠤᠳᠠᠯ ᠢᠶᠠᠷ ᠵᠦᠷᠢᠶ᠎ᠡ ᠲᠠᠢ ᠪᠠᠶᠢᠷᠢ ᠰᠠᠭᠤᠷᠢ ᠲᠠᠢ ᠪᠠᠶᠢᠭ᠎ᠠ ᠨᠢ ᠤᠯᠤᠰ ᠲᠦᠷᠦᠴᠢᠳ ᠦᠨ  ᠬᠦᠰᠡᠯ ᠵᠣᠷᠢᠭ ᠠᠴᠠ ᠦᠯᠦ ᠬᠠᠮᠢᠶᠠᠷᠤᠨ ᠲᠠ ᠪᠦᠬᠦᠨ ᠦ ᠡᠷᠬᠡ ᠴᠢᠯᠦᠭᠡ ᠪᠡᠨ ᠪᠠᠲᠤᠯᠠᠭᠠᠵᠢᠭᠤᠯᠬᠤ ᠶᠠᠪᠤᠴᠠ ᠶᠢ ᠵᠣᠬᠢᠬᠤ ᠬᠡᠮᠵᠢᠶᠡᠨ ᠳᠦ ᠤᠳᠠᠭᠠᠰᠢᠷᠠᠭᠤᠯᠵᠤ ᠪᠠᠶᠢᠨ᠎ᠠ᠃
ᠢᠷᠭᠡᠳ ᠤᠯᠤᠰ ᠲᠦᠷᠦᠴᠢᠳ  ᠢᠶᠠᠷ ᠳᠠᠮᠵᠢᠭᠤᠯᠤᠨ ᠵᠠᠰᠠᠭᠯᠠᠬᠤ ᠡᠷᠬᠡ ᠪᠡᠨ ᠬᠡᠷᠡᠭᠵᠢᠭᠦᠯᠳᠡᠭ ᠰᠢᠭ ᠮᠡᠳᠡᠬᠦ᠂ ᠦᠭᠡ ᠬᠡᠯᠡᠬᠦ᠂ ᠬᠢᠨᠠᠬᠤ ᠡᠷᠬᠡ ᠪᠡᠨ ᠰᠡᠳᠬᠦᠯᠴᠢᠳ ᠢᠶᠡᠷ ᠳᠠᠮᠵᠢᠭᠤᠯᠤᠨ ᠡᠳ᠋ᠯᠡᠳᠡᠭ ᠪᠢᠯᠡ᠃ ᠡᠶᠢᠮᠦ ᠳᠦ ᠪᠢ ︽ᠬᠡᠪᠯᠡᠯ ᠦᠨ ᠡᠷᠬᠡ ᠴᠢᠯᠦᠭᠡᠨ ᠦ ᠲᠤᠬᠠᠢ︾ ᠬᠠᠤᠯᠢ ᠶᠢ ᠵᠥᠪᠬᠡᠨ ᠰᠠᠯᠪᠤᠷᠢ ᠶᠢᠨ ᠵᠣᠬᠢᠴᠠᠭᠤᠯᠤᠯᠲᠠ ᠶᠢᠨ ᠬᠡᠮᠵᠢᠶᠡᠨ ᠳᠦ ᠬᠠᠷᠠᠬᠤ ᠦᠭᠡᠢ ᠪᠠᠶᠢᠭ᠎ᠠ ᠪᠥᠭᠡᠳ ᠨᠢᠭᠡ ᠰᠡᠳᠭᠦᠯᠴᠢ ᠳᠦ ᠬᠣᠯᠪᠣᠭᠳᠠᠬᠤ ᠬᠡᠷᠡᠭ ᠢ ᠴᠤ ᠨᠡᠶᠢᠲᠡ ᠶᠢᠨ ᠠᠰᠠᠭᠤᠳᠠᠯ ᠬᠡᠮᠡᠨ ᠠᠵᠢᠭᠯᠠᠵᠤ ᠢᠷᠡᠯ᠎ᠡ᠃ ᠲᠡᠶᠢᠮᠦ ᠡᠴᠡ ︽ᠬᠡᠪᠯᠡᠯ ᠦᠨ ᠡᠷᠬᠡ ᠴᠢᠯᠦᠭᠡᠨ ᠦ ᠲᠤᠬᠠᠢ︾ ᠬᠠᠤᠯᠢ ᠪᠣᠯᠤᠭᠠᠳ ᠮᠡᠷᠭᠡᠵᠢᠯ ᠦᠨ ᠦᠢᠯᠡ ᠠᠵᠢᠯᠯᠠᠭᠠᠨ ᠳᠤ ᠰᠠᠭᠠᠳ ᠪᠡᠷᠬᠡᠰᠢᠶᠡᠯ  ᠤᠴᠠᠷᠠᠵᠤ ᠪᠠᠶᠢᠭ᠎ᠠ ᠠᠯᠢᠪᠠ ᠠᠰᠠᠭᠤᠳᠠᠯ ᠢᠶᠠᠷ ᠰᠠᠯᠪᠤᠷᠢ ᠶᠢᠨ ᠪᠦᠬᠦᠢ ᠯᠠ ᠲᠥᠯᠥᠭᠡᠯᠡᠯ ᠢ ᠬᠦᠯᠢᠶᠡᠨ ᠠᠪᠴᠤ ᠠᠭᠤᠯᠵᠠᠬᠤ ᠳᠤ ᠨᠡᠭᠡᠭᠡᠯᠲᠡ ᠲᠡᠢ ᠭᠡᠳᠡᠭ ᠢᠶᠡᠨ ᠮᠡᠳᠡᠭᠳᠡᠵᠦ᠂ ᠲᠠ ᠪᠦᠬᠦᠨ ᠦ ᠬᠦᠰᠡᠯ ᠵᠣᠷᠢᠭ ᠤᠨ ᠦᠨᠳᠦᠰᠦᠨ ᠳᠦ ᠰᠠᠯᠪᠤᠷᠢ ᠪᠠᠨ ᠲᠥᠯᠥᠭᠡᠯᠡᠬᠦ ᠪᠦᠷᠢᠨ ᠴᠢᠳᠠᠪᠤᠷᠢᠲᠠᠢ᠂ ᠬᠦᠯᠢᠶᠡᠨ ᠵᠥᠪᠰᠢᠶᠡᠷᠡᠭᠳᠡᠭᠰᠡᠨ᠂ ᠨᠢᠭᠡᠳᠦᠮᠡᠯ ᠦᠵᠡᠯ ᠰᠠᠨᠠᠭ᠎ᠠ ᠶᠢ ᠲᠤᠤᠱᠲᠠᠢ ᠳᠡᠮᠵᠢᠨ᠂ ᠳᠡᠮᠵᠢᠯᠭᠡ ᠦᠵᠡᠭᠦᠯᠬᠦ ᠳᠦ ᠪᠡᠯᠡᠨ ᠪᠠᠶᠢᠭ᠎ᠠ ᠪᠠᠨ ᠤᠯᠠᠮᠵᠢᠯᠠᠵᠤ ᠪᠠᠶᠢᠨ᠎ᠠ᠃ ᠲᠠ ᠪᠦᠬᠦᠨ ᠳᠦ ᠳᠡᠯᠡᠬᠡᠢ ᠶᠢᠨ ᠬᠡᠪᠯᠡᠯ ᠦᠨ ᠡᠷᠬᠡ ᠴᠢᠯᠦᠭᠡᠨ ᠦ ᠡᠳᠦᠷ ᠦᠨ ᠮᠡᠨᠳᠦ ᠶᠢ ᠳᠠᠬᠢᠨ ᠳᠡᠪᠰᠢᠭᠦᠯᠵᠦ᠂ ᠨᠡᠶᠢᠭᠡᠮ ᠢ ᠰᠣᠶᠣᠨ ᠭᠡᠭᠡᠷᠡᠭᠦᠯᠬᠦ ᠶᠡᠬᠡ ᠦᠢᠯᠡᠰ ᠲᠦ ᠨᠢ ᠠᠮᠵᠢᠯᠲᠠ ᠬᠦᠰᠡᠶ᠎ᠡ ᠭᠡᠵᠡᠢ᠃

ᠰᠡᠳᠬᠢᠭᠳᠡᠯ ᠦᠯᠡᠳᠡᠭᠡᠬᠦ