ᠶᠡᠷᠦᠩᠬᠡᠢ ᠰᠠᠶᠢᠳ ᠤ᠊∙ᠬᠦᠷᠡᠯᠰᠦ᠋ᠬᠡ ᠮᠡᠨᠳᠦᠴᠢᠯᠡᠭᠡ ᠳᠡᠪᠰᠢᠭᠦᠯᠦᠯ᠎ᠡ  | News.MN

ᠶᠡᠷᠦᠩᠬᠡᠢ ᠰᠠᠶᠢᠳ ᠤ᠊∙ᠬᠦᠷᠡᠯᠰᠦ᠋ᠬᠡ ᠮᠡᠨᠳᠦᠴᠢᠯᠡᠭᠡ ᠳᠡᠪᠰᠢᠭᠦᠯᠦᠯ᠎ᠡ 

ᠠᠷᠠᠳᠴᠢᠯᠠᠭᠰᠠᠨ ᠨᠡᠶᠢᠭᠡᠮ ᠤᠨ ᠰᠠᠭᠤᠷᠢ ᠦᠨᠡᠲᠦ ᠵᠦᠢᠯ ᠪᠣᠯᠬᠤ ᠢᠷᠭᠡᠨ ᠦ ᠮᠡᠳᠡᠬᠦ ᠡᠷᠬᠡ ᠶᠢ ᠬᠠᠩᠭᠠᠬᠤ ᠶᠢᠨ ᠲᠥᠯᠥᠭᠡ ᠬᠦᠴᠦᠨ ᠵᠢᠳᠬᠦᠵᠦ ᠪᠤᠢ ᠬᠡᠪᠯᠡᠯ ᠮᠡᠳᠡᠭᠡᠯᠡᠯ ᠦᠨ ᠰᠠᠯᠪᠤᠷᠢ ᠶᠢᠨ ᠬᠠᠮᠲᠤ ᠣᠯᠠᠨ ᠲᠠ ᠪᠦᠭᠦᠳᠡ ᠳᠦ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠨᠡᠷ᠎ᠡ ᠶᠢᠨ ᠡᠮᠦᠨ᠎ᠡ ᠡᠴᠡ ᠪᠣᠯᠤᠨ ᠬᠤᠪᠢ ᠠᠴᠠ ᠪᠠᠨ ᠳᠡᠯᠡᠬᠡᠢ ᠶᠢᠨ ᠬᠡᠪᠯᠡᠯ ᠦᠨ ᠡᠷᠬᠡ ᠴᠢᠯᠦᠭᠡᠨ ᠦ ᠡᠳᠦᠷ ᠦᠨ ᠬᠠᠯᠠᠭᠤᠨ ᠮᠡᠨᠳᠦ ᠶᠢ ᠳᠡᠪᠰᠢᠭᠦᠯᠦᠶ᠎ᠡ᠃ ᠳᠡᠯᠡᠬᠡᠢ ᠳᠠᠶᠠᠭᠠᠷ ᠢᠶᠠᠨ ᠠᠶᠤᠯᠲᠤ ᠸᠢᠷᠦ᠋ᠰ ᠦᠨ ᠡᠰᠡᠷᠭᠦ ᠲᠡᠮᠡᠴᠡᠵᠦ ᠪᠠᠶᠢᠭ᠎ᠠ ᠡᠨᠡ ᠦᠶ᠎ᠡ ᠳᠦ ᠮᠡᠷᠭᠡᠵᠢᠯ ᠦᠨ ᠶᠣᠰᠣ ᠵᠦᠢ ᠪᠡᠨ ᠳᠡᠭᠡᠳᠦᠯᠡᠨ᠂ ᠢᠷᠭᠡᠳ ᠲᠦ ᠪᠣᠳᠠᠲᠤ ᠦᠨᠡᠨ ᠮᠡᠳᠡᠭᠡᠯᠡᠯ ᠢ ᠰᠢᠭᠤᠷᠬᠠᠢ ᠬᠦᠷᠭᠡᠵᠦ ᠠᠵᠢᠯᠯᠠᠳᠠᠭ ᠰᠡᠳᠬᠦᠯᠴᠢᠳ᠂ ᠬᠡᠪᠯᠡᠯ ᠮᠡᠳᠡᠭᠡᠯᠡᠯ ᠦᠨ ᠪᠠᠶᠢᠭᠤᠯᠤᠯᠭ᠎ᠠ ᠶᠢᠨ ᠠᠵᠢᠯᠲᠠᠨ᠂ ᠠᠯᠪᠠᠨ ᠬᠠᠭᠠᠭᠴᠢᠳ ᠲᠠ ᠪᠦᠭᠦᠳᠡ ᠳᠦ ᠭᠦᠨ ᠲᠠᠯᠠᠷᠬᠠᠯ ᠢᠯᠡᠷᠬᠡᠶᠢᠯᠡᠵᠦ ᠠᠵᠢᠯ ᠤᠨ ᠥᠨᠳᠥᠷ ᠠᠮᠵᠢᠯᠲᠠ ᠬᠦᠰᠡᠨ ᠢᠷᠦᠭᠡᠶ᠎ᠡ᠃
ᠥᠨᠥ ᠴᠠᠭ ᠲᠤ ᠳᠡᠯᠡᠬᠡᠢ ᠳ᠋ᠠᠬᠢᠨ ᠳᠤ ᠲᠧᠭᠨᠣᠯᠣᠭᠢ ᠶᠢᠨ ᠳᠡᠪᠰᠢᠯ ᠢ ᠳᠠᠭᠠᠨ ᠮᠡᠳᠡᠭᠡᠯᠡᠯ ᠦᠨ ᠠᠰᠤᠷᠤ ᠶᠡᠬᠡ ᠤᠷᠤᠰᠬᠠᠯ ᠪᠤᠢ ᠪᠣᠯᠵᠤ᠂ ᠬᠦᠮᠦᠨ ᠪᠦᠷᠢ ᠨᠡᠶᠢᠭᠡᠮ ᠤᠨ ᠰᠦᠯᠵᠢᠶ᠎ᠡ ᠶᠢ ᠠᠰᠢᠭᠯᠠᠨ ᠦᠵᠡᠯ ᠪᠣᠳᠣᠯ ᠢᠶᠠᠨ ᠴᠢᠯᠦᠭᠡᠲᠡᠢ ᠢᠯᠡᠷᠬᠡᠶᠢᠯᠡᠬᠦ ᠡᠭᠦᠳᠡ ᠬᠠᠭᠠᠯᠭ᠎ᠠ ᠨᠡᠭᠡᠭᠡᠯᠲᠡ ᠲᠡᠢ ᠪᠣᠯᠵᠠᠢ᠃ ᠮᠡᠳᠡᠭᠡᠯᠡᠯ ᠦᠨ ᠡᠨᠡ ᠶᠡᠬᠡ ᠣᠷᠴᠢᠯ ᠳᠤᠮᠳᠠ ᠮᠡᠷᠭᠡᠵᠢᠯ ᠦᠨ ᠰᠡᠳᠬᠦᠯᠴᠢᠳ ᠦᠨ ᠬᠠᠷᠠᠭᠠᠲᠤ ᠪᠤᠰᠤ ᠪᠠᠶᠢᠳᠠᠯ᠂ ᠮᠡᠷᠭᠡᠵᠢᠯ ᠦᠨ ᠶᠣᠰᠣ ᠵᠦᠢ᠂ ᠦᠨᠡᠨ ᠪᠣᠳᠠᠲᠤ ᠡᠬᠢ ᠰᠤᠷᠪᠤᠯᠵᠢ ᠠᠴᠠ ᠣᠯᠵᠤ ᠠᠪᠤᠭᠰᠠᠨ ᠮᠡᠳᠡᠭᠡᠯᠡᠯ ᠦᠨ ᠦᠨ᠎ᠡ ᠴᠡᠨ᠎ᠡ᠂ ᠠᠴᠢ ᠬᠣᠯᠪᠣᠭᠳᠠᠯ ᠤᠯᠠᠮ ᠪᠦᠷ ᠨᠡᠮᠡᠭᠳᠡᠵᠦ ᠪᠠᠶᠢᠨ᠎ᠠ᠃
ᠲᠠ ᠪᠦᠬᠦᠨ ᠦ ᠭᠠᠷ ᠲᠤ ᠨᠡᠶᠢᠭᠡᠮ ᠢᠶᠡᠨ ᠰᠣᠶᠣᠨ ᠭᠡᠭᠡᠷᠡᠭᠦᠯᠬᠦ᠂ ᠮᠠᠷᠭᠠᠰᠢ ᠶᠢᠨ ᠰᠠᠶᠢᠨ ᠰᠠᠶᠢᠬᠠᠨ ᠳᠤ ᠤᠷᠢᠶᠠᠯᠠᠨ ᠲᠠᠭᠤᠳᠠᠬᠤ ᠠᠰᠤᠷᠤ ᠶᠡᠬᠡ ᠨᠥᠭᠡᠴᠡ ᠪᠣᠯᠤᠯᠴᠠᠭ᠎ᠠ᠂ ᠬᠦᠴᠦ ᠪᠠᠶᠢᠭ᠎ᠠ ᠭᠡᠳᠡᠭ ᠲᠦ ᠮᠢᠨᠦ ᠪᠡᠶ᠎ᠡ ᠣᠭᠲᠣ ᠡᠷᠡᠭᠡᠯᠵᠡᠳᠡᠭ ᠦᠭᠡᠢ᠃ ᠰᠡᠳᠬᠦᠯᠴᠢᠳ ᠪᠣᠯ ᠲᠥᠷᠥ ᠵᠠᠰᠠᠭ ᠤᠨ ᠪᠣᠳᠣᠯᠭ᠎ᠠ᠂ ᠦᠢᠯᠡ ᠬᠡᠷᠡᠭ ᠢ ᠨᠡᠶᠢᠲᠡ ᠳᠦ ᠲᠠᠨᠢᠭᠤᠯᠤᠨ ᠰᠤᠷᠲᠠᠯᠴᠢᠯᠠᠬᠤ᠂ ᠲᠡᠭᠦᠨ ᠢ ᠬᠡᠷᠡᠭᠵᠢᠭᠦᠯᠬᠦ ᠳᠦ ᠭᠠᠷᠴᠤ ᠪᠣᠯᠵᠣᠰᠢ ᠦᠭᠡᠢ ᠠᠯᠳᠠᠭ᠎ᠠ ᠳᠤᠲᠠᠭᠳᠠᠯ ᠳᠤ ᠰᠢᠭᠦᠮᠵᠢᠯᠡᠯᠲᠡᠢ ᠬᠠᠨᠳᠤᠨ ᠵᠠᠰᠠᠵᠤ ᠵᠠᠯᠠᠷᠠᠭᠤᠯᠬᠤ ᠶᠢ ᠠᠩᠬᠠᠷᠤᠭᠤᠯᠵᠤ ᠴᠢᠳᠠᠳᠠᠭ ᠨᠡᠶᠢᠭᠡᠮ ᠤᠨ ᠲᠦᠭᠦᠴᠡᠭᠡ ᠪᠣᠯᠤᠭᠰᠠᠨ ᠬᠦᠮᠦᠰ ᠪᠢᠯᠡ᠃ ᠲᠡᠶᠢᠮᠦ ᠡᠴᠡ ᠴᠢᠨᠠᠭᠰᠢᠳᠠ ᠴᠤ ᠲᠥᠷᠥ᠂ ᠠᠷᠠᠳ ᠲᠦᠮᠡᠨ ᠢ ᠬᠤᠯᠪᠤᠬᠤ ᠭᠦᠭᠦᠷᠭᠡ ᠨᠢ ᠪᠣᠯᠵᠤ ᠨᠡᠶᠢᠭᠡᠮ ᠤᠨ ᠡᠪ ᠨᠢᠭᠡᠳᠦᠯ ᠢ ᠬᠠᠩᠭᠠᠬᠤ ᠳᠤ ᠦᠨᠡᠯᠡᠵᠦ ᠪᠠᠷᠠᠰᠢ ᠦᠭᠡᠢ ᠬᠤᠪᠢ ᠨᠡᠮᠡᠷᠢ ᠪᠡᠨ ᠣᠷᠣᠭᠤᠯᠤᠨ᠎ᠠ ᠭᠡᠳᠡᠭ ᠲᠦ ᠢᠲᠡᠭᠡᠵᠦ ᠪᠠᠶᠢᠨ᠎ᠠ᠃
ᠮᠣᠩᠭᠣᠯ ᠡᠬᠡ ᠣᠷᠣᠨ ᠳᠤ ᠪᠠᠨ ᠰᠢᠳᠤᠷᠭᠤ ᠶᠣᠰᠣ ᠶᠢ ᠪᠡᠬᠢᠵᠢᠭᠦᠯᠵᠦ᠂ ᠭᠠᠳᠠᠭᠠᠳᠤ ᠳᠤ ᠨᠡᠷ᠎ᠡ ᠬᠦᠨᠳᠦᠲᠡᠢ᠂ ᠳᠤᠲᠤᠭᠠᠳᠤ ᠳᠤ ᠡᠪ ᠨᠢᠭᠡᠳᠦᠯ ᠲᠡᠢ᠂ ᠠᠷᠠᠳ ᠢᠷᠭᠡᠳ ᠲᠦ ᠪᠡᠨ ᠡᠭᠡᠯᠢᠲᠡᠢ ᠨᠡᠶᠢᠭᠡᠮ ᠢ ᠴᠣᠭᠴᠠᠯᠠᠭᠠᠬᠤ ᠶᠢᠨ ᠲᠥᠯᠦᠭᠡᠬᠢ ᠮᠣᠩᠭᠣᠯ ᠬᠦᠮᠦᠨ ᠪᠦᠷᠢ ᠶᠢᠨ ᠬᠦᠰᠡᠯ ᠮᠥᠷᠥᠭᠡᠳᠦᠯ᠂ ᠴᠢᠩᠡᠷᠡᠮᠡᠯᠵᠡᠯ ᠢ ᠰᠢᠩᠭᠡᠭᠡᠭᠰᠡᠨ ᠲᠠ ᠪᠦᠭᠦᠳᠡ ᠶᠢᠨ ᠦᠢᠯᠡᠰ ᠲᠣᠳᠣ᠂ ᠦᠭᠡ ᠲᠠᠨᠢ ᠬᠤᠷᠴᠠ ᠪᠠᠶᠢᠬᠤ ᠪᠣᠯᠲᠤᠭᠠᠢ᠃

ᠰᠡᠳᠬᠢᠭᠳᠡᠯ ᠦᠯᠡᠳᠡᠭᠡᠬᠦ