ᠪᠠᠷᠢᠯᠭ᠎ᠠ ᠂ ᠢᠨᠵᠧᠨᠧᠷ  ᠦᠨ ᠴᠡᠷᠢᠭ ᠢ ᠪᠡᠶ᠎ᠡ ᠳᠠᠭᠠᠭᠠᠨ  ᠬᠦᠭᠵᠢᠭᠦᠯᠦᠨ᠎ᠡ | News.MN

ᠪᠠᠷᠢᠯᠭ᠎ᠠ ᠂ ᠢᠨᠵᠧᠨᠧᠷ  ᠦᠨ ᠴᠡᠷᠢᠭ ᠢ ᠪᠡᠶ᠎ᠡ ᠳᠠᠭᠠᠭᠠᠨ  ᠬᠦᠭᠵᠢᠭᠦᠯᠦᠨ᠎ᠡ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ  ᠤᠨ ᠬᠤᠷᠠᠯᠳᠤᠭᠠᠨ ᠢᠶᠠᠷ ᠵᠡᠪᠰᠡᠭᠲᠦ ᠬᠦᠴᠦᠨ  ᠤ ᠲᠤᠬᠠᠢ ᠬᠠᠤᠯᠢ  ᠳᠤ ᠨᠡᠮᠡᠯᠲᠡ ᠥᠭᠡᠷᠡᠴᠢᠯᠡᠯᠲᠡ ᠣᠷᠣᠭᠤᠯᠬᠤ ᠲᠤᠬᠠᠢ ᠬᠠᠤᠯᠢ ᠶ᠋ᠢᠨ ᠲᠥᠰᠥᠯ ᠢ ᠬᠡᠯᠡᠯᠴᠡᠨ ᠪᠠᠲᠤᠯᠠᠯ᠎ᠠ ᠃ ᠡᠨᠡ ᠬᠦ ᠬᠠᠤᠯᠢ ᠶ᠋ᠢᠨ ᠥᠭᠡᠷᠡᠴᠢᠯᠡᠯᠲᠡ ᠶ᠋ᠢᠨ ᠭᠣᠣᠯ ᠵᠣᠷᠢᠯᠭ᠎ᠠ ᠨᠢ ᠪᠠᠷᠢᠯᠭ᠎ᠠ ᠂ ᠢᠨᠵᠧᠨᠧᠷ  ᠤᠨ ᠴᠡᠷᠢᠭ ᠢ ᠪᠡᠶ᠎ᠡ ᠳᠠᠭᠠᠭᠠᠭᠰᠠᠨ ᠲᠥᠷᠥᠯ  ᠤᠨ ᠴᠡᠷᠢᠭ ᠪᠣᠯᠭᠠᠨ ᠬᠥᠭᠵᠢᠭᠦᠯᠬᠦ ᠶᠤᠮ ᠃ ᠲᠡᠮᠦᠷ ᠵᠠᠮ ᠤᠨ ᠲᠣᠮᠣᠬᠠᠨ ᠪᠦᠲᠦᠭᠡᠨ ᠪᠠᠶᠢᠭᠤᠯᠤᠯᠲᠠ ᠶ᠋ᠢᠨ ᠠᠵᠢᠯ ᠤᠨ ᠭᠣᠣᠯ ᠠᠴᠢᠶ᠎ᠠ ᠶ᠋ᠢ ᠵᠡᠪᠰᠡᠭᠲᠦ ᠬᠦᠴᠦᠨ  ᠤ ᠠᠩᠭᠢ ᠨᠢᠭᠡᠳᠬᠡᠯ ᠦᠳ ᠡᠭᠦᠷᠴᠦ ᠪᠠᠶᠢᠭ᠎ᠠ ᠶᠤᠮ ᠃ ᠬᠠᠤᠯᠢ ᠳᠤ ᠥᠭᠡᠷᠡᠴᠢᠯᠡᠯᠲᠡ ᠣᠷᠣᠭᠤᠯᠤᠭᠰᠠᠨ ᠢᠶᠠᠷ ᠣᠯᠠᠨ ᠵᠠᠯᠠᠭᠤᠰ ᠢ ᠡᠬᠡ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠂ ᠴᠡᠷᠢᠭ  ᠤᠨ ᠦᠨᠳᠦᠰᠦᠨ ᠪᠡᠯᠡᠳᠬᠡᠯ ᠰᠤᠷᠭᠠᠭᠤᠯᠢ  ᠪᠠᠨ ᠳᠦᠭᠦᠷᠭᠡᠭᠰᠡᠨ ᠤ ᠳᠠᠷᠠᠭ᠎ᠠ ᠦᠷᠭᠦᠯᠵᠢᠯᠡᠭᠦᠯᠦᠨ ᠭᠡᠷᠡᠲᠦ ᠴᠡᠷᠢᠭ  ᠤᠨ ᠠᠯᠪᠠ ᠬᠠᠭᠠᠬᠤ ᠂ ᠴᠠᠯᠢᠩ ᠬᠥᠯᠥᠰᠦ ᠨᠢ ᠠᠵᠤ ᠠᠬᠤᠢ ᠶ᠋ᠢᠨ ᠨᠢᠭᠡᠴᠢ ᠶ᠋ᠢᠨ ᠬᠡᠮᠵᠢᠶᠡᠨ ᠳ᠋ᠥ ᠣᠯᠭᠤᠭᠳᠠᠬᠤ ᠂ ᠬᠤᠷᠠᠮᠳᠤᠯᠠᠯ ᠪᠤᠢ ᠪᠣᠯᠭᠠᠬᠤ ᠂ ᠨᠥᠭᠥᠭᠡ ᠲᠠᠯ᠎ᠠ ᠪᠡᠷ ᠮᠡᠷᠭᠡᠵᠢᠯ ᠂ ᠡᠬᠡ ᠣᠷᠣᠨᠴᠢ ᠬᠥᠮᠥᠵᠢᠯ ᠣᠯᠭᠣᠬᠤ ᠭᠡᠬᠦ ᠵᠡᠷᠭᠡ ᠣᠯᠠᠨ ᠲᠠᠯ᠎ᠠ ᠶ᠋ᠢᠨ ᠠᠴᠢ ᠬᠣᠯᠪᠣᠭᠳᠠᠯ ᠲᠠᠢ ᠭᠡᠵᠦ ᠦᠵᠡᠵᠡᠢ ᠃

ᠰᠡᠳᠬᠢᠭᠳᠡᠯ ᠦᠯᠡᠳᠡᠭᠡᠬᠦ