ᠥᠷᠢ  ᠳᠣᠲᠣᠭᠠᠳᠤ ᠶ᠋ᠢᠨ ᠨᠡᠶᠢᠲᠡ ᠪᠦᠲᠦᠭᠡᠭᠳᠡᠬᠦᠨ ᠦ 55.6 ᠬᠤᠪᠢ ᠲᠠᠢ ᠲᠡᠩᠴᠡᠵᠦ ᠪᠠᠶᠢᠭ᠎ᠠ | News.MN

ᠥᠷᠢ  ᠳᠣᠲᠣᠭᠠᠳᠤ ᠶ᠋ᠢᠨ ᠨᠡᠶᠢᠲᠡ ᠪᠦᠲᠦᠭᠡᠭᠳᠡᠬᠦᠨ ᠦ 55.6 ᠬᠤᠪᠢ ᠲᠠᠢ ᠲᠡᠩᠴᠡᠵᠦ ᠪᠠᠶᠢᠭ᠎ᠠ

ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠢᠶᠠᠷ ᠳᠡᠯᠡᠬᠡᠢ ᠶ᠋ᠢᠨ ᠪᠠᠩᠬᠢ ᠶ᠋ᠢᠨ ᠣᠯᠠᠨ ᠤᠯᠤᠰ ᠤᠨ ᠬᠥᠭᠵᠢᠯ  ᠤᠨ ᠠᠰᠰᠤᠼᠢᠶᠠᠼ ᠪᠣᠯᠣᠨ ᠹᠷᠠᠨᠼᠢ ᠤᠯᠤᠰ ᠤᠨ ᠵᠠᠰᠠᠭ ᠤᠨ ᠭᠠᠵᠠᠷ ᠡᠴᠠ ᠵᠢᠭᠡᠯᠡᠯᠭᠡ ᠠᠪᠬᠤ ᠲᠤᠬᠠᠢ ᠲᠣᠭᠲᠠᠭᠠᠯ ᠤᠨ ᠲᠥᠰᠥᠯ ᠦᠳ ᠢ ᠪᠠᠲᠤᠯᠠᠯ᠎ᠠ ᠃ ᠡᠭᠦᠨ ᠲᠠᠢ ᠬᠣᠯᠪᠣᠭᠳᠠᠭᠤᠯᠤᠨ ᠤᠯᠤᠰ ᠤᠨ ᠶᠡᠬᠡ ᠬᠤᠷᠠᠯ ᠤᠨ ᠭᠡᠰᠢᠭᠦᠳ ᠮᠠᠨ ᠤ ᠤᠯᠤᠰ ᠤᠨ ᠭᠠᠳᠠᠭᠠᠳᠤ ᠥᠷᠢ ᠲᠥᠯᠥᠪᠦᠷᠢ ᠶᠠᠮᠠᠷ ᠬᠡᠮᠵᠢᠶ᠎ᠡ ᠲᠠᠢ ᠪᠠᠶᠢᠭ᠎ᠠ ᠶ᠋ᠢ ᠲᠣᠳᠣᠷᠠᠭᠤᠯᠤᠭᠰᠠᠨ ᠶᠤᠮ ᠃ ᠰᠠᠩ ᠤᠨ ᠰᠠᠶᠢᠳ ᠴ᠊ · ᠬᠦᠷᠡᠯᠪᠠᠭᠠᠲᠤᠷ  ᠡᠨᠡ ᠲᠤᠬᠠᠢ᠄ 2016 ᠣᠨ ᠤ ᠤᠯᠤᠰ ᠤᠨ ᠶᠡᠬᠡ ᠬᠤᠷᠠᠯ ᠤᠨ ᠰᠣᠩᠭᠣᠭᠤᠯᠢ ᠶ᠋ᠢᠨ ᠳᠠᠷᠠᠭ᠎ᠠ ᠮᠣᠩᠭᠣᠯ ᠤᠯᠤᠰ ᠤᠨ ᠥᠷᠢ ᠶ᠋ᠢᠨ ᠬᠡᠮᠵᠢᠶ᠎ᠡ ᠥᠨᠥ ᠶ᠋ᠢᠨ ᠦᠨ᠎ᠡ ᠴᠡᠨ᠎ᠡ ᠪᠡᠷ ᠳᠣᠲᠣᠭᠠᠳᠤ ᠶ᠋ᠢᠨ ᠨᠡᠶᠢᠲᠡ ᠪᠦᠲᠦᠭᠡᠭᠳᠡᠬᠦᠨ  ᠤ 79 ᠬᠤᠪᠢ ᠲᠠᠢ ᠲᠡᠩᠴᠡᠬᠦᠶᠢᠴᠡ ᠪᠠᠶᠢᠭᠰᠠᠨ ᠪᠣᠯ ᠥᠨᠥᠳᠥᠷ 2019 ᠣᠨ ᠤ ᠲᠥᠰᠥᠪ  ᠤᠨ ᠭᠦᠢᠴᠡᠳᠬᠡᠯ ᠢᠶ᠋ᠡᠷ ᠠᠪᠴᠤ ᠦᠵᠡᠪᠡᠯ 55.6 ᠬᠤᠪᠢ ᠲᠠᠢ ᠪᠠᠶᠢᠭ᠎ᠠ ᠃ 2016 ᠣᠨ ᠡᠴᠠ ᠬᠣᠶᠢᠰᠢ 24 ᠹᠦᠩᠺᠲ ᠢᠶᠡᠷ ᠥᠷᠢ ᠶ᠋ᠢ ᠪᠠᠭᠤᠷᠠᠭᠤᠯᠤᠭᠰᠠᠨ ᠭᠡᠰᠡᠨ ᠦᠭᠡ ᠃ ᠥᠭᠡᠷ᠎ᠡ ᠪᠡᠷ ᠬᠡᠯᠡᠪᠡᠯ ᠂ ᠥᠩᠭᠡᠷᠡᠭᠰᠡᠨ ᠳᠥᠷᠪᠡᠨ ᠵᠢᠯ ᠳ᠋ᠥ 8.5 ᠶᠡᠬᠡ ᠨᠠᠶᠤᠳ ᠲᠥᠭᠥᠷᠢᠭ  ᠦᠨ ᠥᠷᠢ ᠲᠥᠯᠥᠭᠰᠡᠨ  ᠭᠡᠯ᠎ᠡ ᠃

ᠰᠡᠳᠬᠢᠭᠳᠡᠯ ᠦᠯᠡᠳᠡᠭᠡᠬᠦ