ᠴᠠᠬᠢᠮ ᠬᠥᠯ ᠪᠥᠮᠪᠥᠭᠡ ᠶ᠋ᠢᠨ ᠲᠡᠮᠡᠴᠡᠭᠡᠨ ᠳ᠋ᠦ  ᠦᠷᠢᠰᠦᠯᠳᠦᠨ᠎ᠡ | News.MN

ᠴᠠᠬᠢᠮ ᠬᠥᠯ ᠪᠥᠮᠪᠥᠭᠡ ᠶ᠋ᠢᠨ ᠲᠡᠮᠡᠴᠡᠭᠡᠨ ᠳ᠋ᠦ  ᠦᠷᠢᠰᠦᠯᠳᠦᠨ᠎ᠡ

ᠮᠣᠩᠭᠣᠯ ᠤᠨ ᠬᠥᠯ ᠪᠥᠮᠪᠥᠭᠡ ᠶ᠋ᠢᠨ ᠬᠣᠯᠪᠣᠭ᠎ᠠ ᠪᠣᠯᠣᠨ ᠡᠯᠧᠺᠲ᠋ᠷᠣᠨ ᠰᠫᠣᠷᠲ ᠤᠨ ᠬᠣᠯᠪᠣᠭ᠎ᠠ ᠤᠷᠲᠤ ᠬᠤᠭᠤᠴᠠᠭᠠᠨ ᠤ ᠬᠠᠮᠲᠤ ᠶ᠋ᠢᠨ ᠠᠵᠢᠯᠯᠠᠭ᠎ᠠ ᠡᠬᠢᠯᠡᠭᠦᠯᠵᠡᠢ ᠃ ᠲᠣᠳᠣᠷᠠᠭᠤᠯᠪᠠᠯ ᠂ ᠮᠣᠩᠭᠣᠯ ᠤᠨ ᠰᠫᠣᠷᠲ ᠤᠨ ᠰᠠᠯᠪᠤᠷᠢ ᠳᠦ ᠰᠢᠨ᠎ᠡ ᠲᠡᠮᠡᠴᠡᠭᠡᠨ ᠤ ᠹᠣᠷᠮᠠᠲ ᠢ ᠨᠡᠪᠲᠡᠷᠡᠭᠦᠯᠬᠦ ᠂ ᠵᠠᠯᠠᠭᠤᠴᠤᠳ ᠤᠨ ᠰᠫᠣᠷᠲ ᠤᠨ ᠣᠷᠣᠯᠴᠠᠭ᠎ᠠ ᠶ᠋ᠢ ᠨᠡᠮᠡᠭᠳᠡᠭᠦᠯᠬᠦ ᠵᠣᠷᠢᠯᠭ᠎ᠠ ᠪᠡᠷ ᠮᠣᠩᠭᠣᠯ ᠤᠨ ᠬᠥᠯ ᠪᠥᠮᠪᠥᠭᠡ ᠶ᠋ᠢᠨ ᠬᠣᠯᠪᠣᠭ᠎ᠠ ᠂ ᠮᠣᠩᠭᠣᠯ ᠤᠨ ᠡᠯᠧᠺᠲ᠋ᠷᠣᠨ ᠰᠫᠣᠷᠲ ᠤᠨ ᠬᠤᠯᠪᠤᠭ᠎ᠠ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠤᠯ᠎ᠠ ᠃ ᠤᠭ ᠶᠣᠰᠣᠯᠠᠯ ᠤᠨ ᠦᠢᠯᠡ ᠠᠵᠢᠯᠯᠠᠭᠠᠨ ᠳᠤ ᠮᠣᠩᠭᠣᠯ ᠤᠨ ᠬᠥᠯ ᠪᠥᠮᠪᠥᠭᠡ ᠶ᠋ᠢᠨ ᠬᠤᠯᠪᠤᠭᠠᠨ ᠤ ᠶᠡᠷᠦᠩᠬᠡᠶᠢᠯᠡᠭᠴᠢ ᠠ᠊ · ᠭᠠᠩᠪᠠᠭᠠᠲᠤᠷ ᠂ ᠮᠣᠩᠭᠣᠯ ᠤᠨ ᠡᠯᠧᠺᠲ᠋ᠷᠣᠨ ᠰᠫᠣᠷᠲ ᠤᠨ ᠬᠤᠯᠪᠤᠭᠠᠨ   ᠤ ᠶᠡᠷᠦᠩᠬᠡᠶᠢᠯᠡᠭᠴᠢ ᠭ᠊ · ᠡᠷᠳᠡᠨᠢᠴᠢᠯᠠᠭᠤᠨ ᠨᠠᠷ ᠣᠷᠣᠯᠴᠠᠪᠠ ᠃

ᠤᠭ ᠲᠡᠮᠡᠴᠡᠭᠡᠨ  ᠤ ᠡᠬᠢᠨ  ᠤ ᠱᠠᠲᠤᠨ ᠳᠤ ᠮᠣᠩᠭᠣᠯ ᠤᠨ ᠬᠥᠯ ᠪᠥᠮᠪᠥᠭᠡ ᠶ᠋ᠢᠨ ᠬᠤᠯᠪᠤᠭᠠᠨ ᠤ ᠭᠡᠰᠢᠭᠦᠨ ᠺᠯᠦ᠋ᠪ ᠦᠳ ᠣᠷᠣᠯᠴᠠᠬᠤ ᠪᠣᠯ ᠳᠠᠷᠠᠭ᠎ᠠ ᠶ᠋ᠢᠨ ᠬᠣᠶᠠᠷ ᠱᠠᠲᠤᠨ ᠤ ᠲᠡᠮᠡᠴᠡᠭᠡᠨ ᠨᠡᠶᠢᠲᠡ FIFA ᠲᠣᠭᠯᠠᠭᠠᠮ ᠰᠣᠨᠢᠷᠬᠠᠭᠴᠢᠳ ᠤᠨ ᠳᠤᠮᠳᠠ ᠨᠡᠭᠡᠭᠡᠯᠲᠡ ᠲᠠᠢ ᠪᠠᠷ ᠵᠣᠬᠢᠶᠠᠨ ᠪᠠᠶᠢᠭᠤᠯᠤᠭᠳᠠᠬᠤ ᠶᠤᠮ ᠪᠠᠶᠢᠨ᠎ᠠ ᠃ ᠳᠡᠭᠡᠷᠡᠬᠢ ᠲᠡᠮᠡᠴᠡᠭᠡᠨ ᠡᠴᠡ ᠰᠢᠯᠭᠠᠷᠠᠭᠰᠠᠨ ᠰᠢᠯᠢᠳᠡᠭ ᠦᠳ ᠯᠢᠭ  ᠤᠨ ᠵᠢᠷᠤᠮ ᠢᠶᠠᠷ ᠥᠷᠢᠰᠦᠯᠳᠦᠵᠦ᠂ ᠰᠢᠯᠢᠳᠡᠭ ‍ᠦᠨ ᠰᠢᠯᠢᠳᠡᠭ ᠢᠶ᠋ᠡᠨ ᠲᠣᠳᠣᠷᠠᠭᠤᠯᠬᠤ ᠪᠥᠭᠡᠳ ᠢᠯᠠᠭᠴᠢ ᠴᠠᠬᠢᠮ ᠬᠥᠯ ᠪᠥᠮᠪᠥᠭᠡ ᠶ᠋ᠢᠨ ᠳᠡᠯᠡᠬᠡᠢ ᠶ᠋ᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳ᠋ᠦ ᠥᠷᠢᠰᠦᠯᠳᠦᠬᠦ ᠡᠷᠬᠡ ᠶ᠋ᠢᠨ ᠡᠵᠡᠨ ᠪᠣᠯᠬᠤ ᠠᠵᠠᠢ᠃

ᠰᠡᠳᠬᠢᠭᠳᠡᠯ ᠦᠯᠡᠳᠡᠭᠡᠬᠦ