︽ᠤᠯᠠᠭᠠᠨᠪᠠᠭᠠᠲᠤᠷ ᠮᠠᠷᠠᠹᠤᠨ︾ ᠣᠯᠠᠨ ᠤᠯᠤᠰ ᠤᠨ ᠭᠦᠶᠦᠯᠲᠡ ᠶ᠋ᠢᠨ ᠲᠡᠮᠡᠴᠡᠭᠡᠨ ᠢ ᠬᠣᠶᠢᠰᠢᠯᠠᠭᠤᠯᠵᠠᠢ | News.MN

︽ᠤᠯᠠᠭᠠᠨᠪᠠᠭᠠᠲᠤᠷ ᠮᠠᠷᠠᠹᠤᠨ︾ ᠣᠯᠠᠨ ᠤᠯᠤᠰ ᠤᠨ ᠭᠦᠶᠦᠯᠲᠡ ᠶ᠋ᠢᠨ ᠲᠡᠮᠡᠴᠡᠭᠡᠨ ᠢ ᠬᠣᠶᠢᠰᠢᠯᠠᠭᠤᠯᠵᠠᠢ

ᠮᠣᠩᠭᠣᠯ ᠤᠯᠤᠰ  ᠲᠤ ᠭᠦᠶᠦᠯᠲᠡ ᠶ᠋ᠢᠨ ᠰᠫᠣᠷᠲ ᠂ ᠨᠡᠶᠢᠲᠡ ᠶ᠋ᠢᠨ ᠪᠡᠶ᠎ᠡ ᠶ᠋ᠢᠨ ᠲᠠᠮᠢᠷ ᠢ ᠬᠥᠭᠵᠢᠭᠦᠯᠬᠦ ᠂ ᠭᠦᠶᠦᠯᠲᠡ ᠪᠡᠷ ᠬᠢᠴᠢᠶᠡᠯᠯᠡᠭᠴᠢ ᠂ ᠰᠣᠨᠢᠷᠬᠠᠭᠴᠢ ᠢᠷᠭᠡᠳ  ᠤᠨ ᠲᠣᠭ᠎ᠠ ᠶ᠋ᠢ ᠨᠡᠮᠡᠭᠳᠡᠭᠦᠯᠬᠦ ᠵᠣᠷᠢᠯᠭ᠎ᠠ ᠪᠡᠷ ᠨᠡᠶᠢᠰᠯᠡᠯ ᠦᠨ ᠵᠠᠰᠠᠭ ᠳᠠᠷᠤᠭ᠎ᠠ ᠶ᠋ᠢᠨ ᠵᠠᠬᠢᠷᠤᠮᠵᠢ ᠪᠡᠷ 2014 ᠣᠨ ᠡᠴᠠ ᠡᠬᠢᠯᠡᠨ ︽ᠤᠯᠠᠭᠠᠨᠪᠠᠭᠠᠲᠤᠷ ᠮᠠᠷᠠᠹᠤᠨ ︾ ᠣᠯᠠᠨ ᠤᠯᠤᠰ ᠤᠨ ᠭᠦᠶᠦᠯᠲᠡ ᠶ᠋ᠢ ᠵᠢᠯ ᠪᠦᠷᠢ ᠶ᠋ᠢᠨ 05 ᠳ᠋ᠤᠭᠠᠷ ᠰᠠᠷ᠎ᠠ ᠶ᠋ᠢᠨ ᠭᠤᠷᠪᠠᠳᠠᠬᠢ ᠳᠣᠯᠣᠭ᠎ᠠ ᠬᠣᠨᠣᠭ ᠤᠨ ᠪᠢᠮᠪᠠ ᠭᠠᠷᠠᠭ ᠲᠤ ᠵᠣᠬᠢᠶᠠᠨ ᠪᠠᠶᠢᠭᠤᠯᠳᠠᠭ ᠤᠯᠠᠮᠵᠢᠯᠠᠯ ᠲᠣᠭᠲᠠᠭᠰᠠᠨ ᠃ ︽  ᠤᠯᠠᠭᠠᠨᠪᠠᠭᠠᠲᠤᠷ ᠮᠠᠷᠠᠹᠤᠨ ︾ ᠣᠯᠠᠨ ᠤᠯᠤᠰ ᠤᠨ ᠭᠦᠶᠦᠯᠲᠡ ᠳ᠋ᠦ ᠬᠠᠮᠤᠷᠤᠭᠳᠠᠬᠤ ᠭᠦᠶᠦᠭᠴᠢᠳ ᠦᠨ ᠲᠣᠭ᠎ᠠ ᠵᠢᠯ ᠡᠴᠡ ᠵᠢᠯ ᠳ᠋ᠥ ᠥᠰᠦᠨ ᠨᠡᠮᠡᠭᠳᠡᠵᠦ ᠪᠠᠶᠢᠭ᠎ᠠ ᠪᠥᠭᠡᠳ ᠭᠦᠶᠦᠯᠲᠡ ᠰᠣᠨᠢᠷᠬᠠᠭᠴᠢ ᠣᠯᠠᠨ ᠮᠢᠩᠭᠠᠨ ᠢᠷᠭᠡᠳ  ᠤᠨ ᠬᠦᠰᠡᠨ ᠬᠦᠯᠢᠶᠡᠳᠡᠭ ᠨᠡᠷ᠎ᠡ ᠬᠦᠨᠳᠦᠲᠡᠢ ᠲᠣᠮᠣᠬᠠᠨ ᠠᠷᠭ᠎ᠠ ᠬᠡᠮᠵᠢᠶᠡᠨ ᠤ ᠨᠢᠭᠡ ᠪᠣᠯᠣᠭᠠᠳ ᠪᠠᠶᠢᠭ᠎ᠠ ᠪᠢᠯᠡ ᠃

ᠳᠡᠯᠡᠬᠡᠢ ᠨᠡᠶᠢᠲᠡ ᠳ᠋ᠥ ᠲᠠᠷᠬᠠᠵᠤ ᠪᠠᠶᠢᠭ᠎ᠠ ᠰᠢᠨ᠎ᠡ ᠺᠣᠷᠣᠨᠠ ᠸᠢᠷᠦ᠋ᠰ  ᠡᠴᠠ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠪᠡᠷ ᠮᠣᠩᠭᠣᠯ ᠤᠯᠤᠰ ᠤᠨ ᠬᠡᠮᠵᠢᠶᠡᠨ ᠳ᠋ᠥ ᠭᠠᠮᠰᠢᠭ ᠡᠴᠠ ᠬᠠᠮᠠᠭᠠᠯᠠᠬᠤ ᠥᠨᠳᠥᠷᠵᠢᠭᠦᠯᠦᠭᠰᠡᠨ ᠪᠡᠯᠡᠨ ᠪᠠᠶᠢᠳᠠᠯ ᠤᠨ ᠵᠡᠷᠭᠡ ᠳ᠋ᠥ ᠰᠢᠯᠵᠢᠭᠦᠯᠦᠭᠰᠡᠨ ᠬᠤᠭᠤᠴᠠᠭ᠎ᠠ ᠶ᠋ᠢ  ᠰᠤᠩᠭᠠᠭᠰᠠᠨ ᠲᠠᠢ ᠬᠣᠯᠪᠣᠭᠳᠠᠭᠤᠯᠤᠨ 2020 ᠣᠨ ᠳᠤ 05 ᠳ᠋ᠤᠭᠠᠷ ᠰᠠᠷ᠎ᠠ ᠳᠤ ᠵᠣᠬᠢᠶᠠᠨ ᠪᠠᠶᠢᠭᠤᠯᠬᠤ ︽ᠤᠯᠠᠭᠠᠨᠪᠠᠭᠠᠲᠤᠷ ᠮᠠᠷᠠᠹᠤᠨ ︾ ᠣᠯᠠᠨ ᠤᠯᠤᠰ ᠤᠨ ᠭᠦᠶᠦᠯᠲᠡ ᠶ᠋ᠢ ᠬᠣᠷᠢᠭ᠎ᠠ ᠴᠡᠭᠡᠷ  ᠤᠨ ᠳᠢᠭᠯᠢᠮ ᠳᠠᠭᠤᠰᠬᠤ ᠬᠦᠷᠲᠡᠯ᠎ᠡ ᠬᠣᠶᠢᠰᠢᠯᠠᠭᠤᠯᠵᠠᠢ ᠃

ᠰᠡᠳᠬᠢᠭᠳᠡᠯ ᠦᠯᠡᠳᠡᠭᠡᠬᠦ