WWW.OPENDATA.GOV.MN ᠮᠣᠩᠭᠣᠯ ᠤᠯᠤᠰ ᠤᠨ ᠨᠡᠭᠡᠭᠡᠯᠲᠡ ᠲᠠᠢ ᠥᠭᠭᠦᠭᠳᠡᠯ ᠦᠨ ᠨᠢᠭᠡᠳᠦᠭᠰᠡᠨ ᠫᠣᠷᠲ᠋ᠠᠯ ᠠᠰᠢᠭᠯᠠᠯᠲᠠ ᠳᠦ ᠣᠷᠣᠯ᠎ᠠ ᠃ ᠡᠨᠡ ᠬᠦ ᠫᠣᠷᠲ᠋ᠠᠯ ᠳ᠋ᠤ ᠲᠥᠷᠥ ᠶ᠋ᠢᠨ ᠪᠠᠶᠢᠭᠤᠯᠭ᠎ᠠ ᠨᠣᠭᠣᠳ ᠥᠭᠭᠦᠭᠳᠡᠯ ᠢᠶ᠋ᠡᠨ ︽ ᠠᠰᠢᠭᠯᠠᠵᠤ᠂ ᠬᠡᠷᠡᠭᠯᠡᠵᠦ ᠂ ᠳᠠᠬᠢᠨ ᠲᠦᠭᠡᠭᠡᠵᠦ ᠪᠣᠯᠳᠠᠭ ︾ ᠯᠢᠼᠸᠨ᠋ᠽ ᠲᠠᠢ ᠪᠡᠷ ᠨᠡᠶᠢᠲᠡᠯᠡᠵᠦ ᠂ ᠲᠥᠷᠥ ᠥᠭᠭᠦᠭᠳᠡᠯ ᠢᠶ᠋ᠡᠨ ᠬᠠᠳᠠᠭᠠᠯᠠᠬᠤ ᠪᠢᠰᠢ ᠢᠷᠭᠡᠳ ᠲᠤ ᠪᠠᠨ ᠠᠰᠢᠭᠯᠠᠭᠤᠯᠵᠤ ᠡᠬᠢᠯᠡᠯ᠎ᠡ ᠃ ᠥᠭᠭᠦᠭᠳᠡᠯ ᠢ ᠰᠤᠳᠤᠯᠭ᠎ᠠ ᠂ ᠰᠢᠨᠵᠢᠯᠡᠭᠡ ᠂ ᠪᠣᠯᠪᠠᠰᠤᠷᠠᠭᠤᠯᠤᠯᠲᠠ ᠬᠢᠬᠦ ᠂ ᠮᠠᠰᠢᠨ ᠳ᠋ᠤ ᠤᠩᠰᠢᠭᠳᠠᠬᠤ ᠬᠡᠯᠪᠡᠷᠢ ᠪᠡᠷ ᠨᠡᠶᠢᠲᠡᠯᠡᠵᠦ ᠪᠠᠶᠢᠨ᠎ᠠ ᠃ ᠢᠩᠭᠢᠭᠰᠡᠨ ᠢᠶ᠋ᠡᠷ ᠲᠥᠷᠥ ᠶ᠋ᠢᠨ ᠥᠭᠭᠦᠭᠳᠡᠯ ᠢ ᠡᠳ᠋ ᠤᠨ ᠵᠠᠰᠠᠭ ᠤᠨ ᠡᠷᠭᠢᠯᠲᠡ ᠳ᠋ᠥ ᠣᠷᠣᠭᠤᠯᠵᠤ ᠂ ᠰᠤᠳᠤᠯᠭᠠᠨ ᠬᠢᠵᠦ ᠂ ᠰᠢᠨᠵᠢᠯᠡᠵᠦ ᠪᠠᠶᠠᠯᠢᠭ ᠪᠦᠲᠦᠭᠡᠬᠦ ᠪᠣᠯᠣᠮᠵᠢ ᠢᠷᠭᠡᠳ ᠂ ᠪᠢᠽᠢᠨᠧᠰ ᠦᠨ ᠪᠠᠶᠢᠭᠤᠯᠭ᠎ᠠ ᠨᠣᠭᠣᠳ ᠂ ᠲᠥᠷᠥ ᠶ᠋ᠢᠨ ᠪᠤᠰᠤ ᠪᠠᠶᠢᠭᠤᠯᠭ᠎ᠠ ᠨᠣᠭᠣᠳ ᠲᠦ ᠨᠡᠭᠡᠭᠡᠭᠳᠡᠵᠦ ᠪᠠᠶᠢᠨ᠎ᠠ ᠃
ᠡᠬᠢᠨ ᠤ ᠡᠭᠡᠯᠵᠢᠨ ᠳ᠋ᠥ ᠫᠣᠷᠲ᠋ᠠᠯ ᠳ᠋ᠤ ᠰᠠᠩ ᠤᠨ ᠶᠠᠮᠤᠨ ᠂ ᠪᠣᠯᠪᠠᠰᠤᠷᠠᠯ ᠰᠣᠶᠣᠯ ᠰᠢᠨᠵᠢᠯᠡᠬᠦ ᠤᠬᠠᠭᠠᠨ ᠤ ᠶᠠᠮᠤᠨ ᠂ ᠨᠡᠶᠢᠭᠡᠮ ᠤᠨ ᠬᠠᠮᠠᠭᠠᠯᠠᠯ ᠬᠥᠳᠡᠯᠮᠦᠷᠢ ᠶ᠋ᠢᠨ ᠶᠠᠮᠤᠨ ᠂ ᠬᠦᠨᠡᠰᠦ ᠬᠥᠳᠡᠭᠡ ᠠᠵᠤ ᠠᠬᠤᠢ ᠬᠥᠩᠭᠡᠨ ᠦᠢᠯᠡᠳᠪᠦᠷᠢ ᠶ᠋ᠢᠨ ᠶᠠᠮᠤᠨ ᠂ ᠵᠠᠮ ᠲᠡᠭᠡᠭᠡᠪᠦᠷᠢ ᠶ᠋ᠢᠨ ᠶᠠᠮᠤᠨ ᠂ ᠡᠷᠡᠭᠦᠯ ᠮᠡᠨᠳᠦ ᠶ᠋ᠢᠨ ᠶᠠᠮᠤᠨ ᠨᠢᠭᠡᠳᠦᠭᠡᠳ ᠪᠠᠶᠢᠭ᠎ᠠ ᠪᠥᠭᠡᠳ ᠴᠠᠭᠠᠰᠢᠳᠠ ᠲᠥᠷᠥ ᠶ᠋ᠢᠨ ᠪᠦᠬᠦ ᠪᠠᠶᠢᠭᠤᠯᠭ᠎ᠠ ᠨᠣᠭᠣᠳ ᠤᠨ ᠥᠭᠭᠦᠭᠳᠡᠯ ᠢ ᠨᠡᠶᠢᠲᠡᠯᠡᠵᠦ ᠂ ᠲᠣᠭᠲᠠᠮᠠᠯ ᠰᠢᠨᠡᠴᠢᠯᠡᠵᠦ ᠠᠵᠢᠯᠯᠠᠨ᠎ᠠ ᠃ ᠫᠣᠷᠲ᠋ᠠᠯ ᠢ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠡᠴᠠ ᠬᠡᠷᠡᠭᠵᠢᠭᠦᠯᠵᠦ ᠪᠠᠶᠢᠭ᠎ᠠ ᠳᠡᠯᠡᠬᠡᠢ ᠶ᠋ᠢᠨ ᠪᠠᠩᠬᠢ ᠶ᠋ᠢᠨ ᠰᠠᠩᠬᠦᠦᠵᠢᠯᠲᠡ ᠲᠠᠢ ᠤᠬᠠᠭᠠᠯᠢᠭ ᠵᠠᠰᠠᠭ ᠲᠥᠰᠥᠯ ᠤᠨ ᠬᠦᠷᠢᠶᠡᠨ ᠳ᠋ᠥ ᠬᠥᠭᠵᠢᠭᠦᠯᠵᠦ ᠂ ᠠᠰᠢᠭᠯᠠᠯᠲᠠ ᠳᠤ ᠣᠷᠣᠭᠤᠯᠤᠭᠰᠠᠨ ᠶᠤᠮ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ ᠲᠠᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ ᠃