ᠢᠷᠡᠬᠦ ᠵᠢᠯ ᠦᠳ ᠵᠠᠰᠠᠭᠯᠠᠯ ᠤᠨ᠂ ᠡᠷᠬᠡ ᠵᠦᠢ ᠶ᠋ᠢᠨ ᠬᠤᠪᠢᠰᠬᠠᠯ  ᠪᠣᠯᠣᠨ᠎ᠠ | News.MN

  ᠢᠷᠡᠬᠦ ᠵᠢᠯ ᠦᠳ ᠵᠠᠰᠠᠭᠯᠠᠯ ᠤᠨ᠂ ᠡᠷᠬᠡ ᠵᠦᠢ ᠶ᠋ᠢᠨ ᠬᠤᠪᠢᠰᠬᠠᠯ  ᠪᠣᠯᠣᠨ᠎ᠠ

ᠮᠣᠩᠭᠣᠯ ᠤᠯᠤᠰ ᠤᠨ ᠦᠨᠳᠦᠰᠦᠨ ᠬᠠᠤᠯᠢ ᠳᠦ ᠣᠷᠣᠭᠤᠯᠤᠭᠰᠠᠨ ᠨᠡᠮᠡᠯᠲᠡ  ᠥᠭᠡᠷᠡᠴᠢᠯᠡᠯᠲᠡ ᠬᠦᠴᠦᠨ ᠲᠡᠭᠦᠯᠳᠡᠷ ᠪᠣᠯᠵᠤ ᠪᠠᠶᠢᠭ᠎ᠠ ᠲᠠᠢ ᠬᠣᠯᠪᠣᠭᠳᠠᠭᠤᠯᠤᠨ ᠤᠯᠤᠰ ᠤᠨ ᠶᠡᠬᠡ ᠬᠤᠷᠠᠯ ᠤᠨ ᠭᠡᠰᠢᠭᠦᠨ ᠂ ᠦᠨᠳᠦᠰᠦᠨ ᠬᠠᠤᠯᠢ ᠶ᠋ᠢᠨ ᠨᠡᠮᠡᠯᠲᠡ ᠥᠭᠡᠷᠡᠴᠢᠯᠡᠯᠲᠡ ᠶ᠋ᠢᠨ ᠡᠬᠡ ᠶ᠋ᠢ ᠪᠠᠷᠢᠭᠴᠢ ᠳ᠋᠊ ·ᠯᠦᠩᠳᠦᠭᠵᠠᠯᠰᠠᠨ ᠪᠣᠯᠣᠨ ᠵᠥᠪᠯᠡᠯᠳᠦᠬᠦ ᠵᠥᠪᠯᠡᠯ ᠂ ᠠᠵᠢᠯ ᠤᠨ ᠬᠡᠰᠡᠭ  ᠤᠨ ᠭᠡᠰᠢᠭᠦᠳ ᠮᠡᠳᠡᠭᠡᠯᠡᠯ ᠬᠢᠯ᠎ᠡ ᠃

ᠳ᠋᠊ ·ᠯᠦᠩᠳᠦᠭᠵᠠᠯᠰᠠᠨ ᠄ 1992 ᠣᠨ ᠤ ᠨᠢᠭᠡᠳᠦᠭᠡᠷ ᠰᠠᠷ᠎ᠠ ᠶ᠋ᠢᠨ 13 ᠳ᠋ᠥ ᠪᠠᠲᠤᠯᠠᠭᠳᠠᠭᠰᠠᠨ ᠮᠣᠩᠭᠣᠯ ᠤᠯᠤᠰ ᠤᠨ ᠰᠢᠨ᠎ᠡ ᠦᠨᠳᠦᠰᠦᠨ ᠬᠠᠤᠯᠢ ᠮᠥᠨ ᠣᠨ ᠤ ᠪᠠᠨ ᠬᠣᠶᠠᠳᠤᠭᠠᠷ ᠰᠠᠷ᠎ᠠ ᠶ᠋ᠢᠨ 12 ᠤ ᠡᠳᠦᠷ  ᠦᠨ 12.00 ᠴᠠᠭ ᠡᠴᠠ ᠡᠬᠢᠯᠡᠨ ᠬᠦᠴᠦᠨ ᠲᠡᠭᠦᠯᠳᠡᠷ ᠪᠣᠯᠵᠤ ᠪᠠᠶᠢᠭᠰᠠᠨ ᠲᠡᠦᠬᠡ ᠲᠠᠢ ᠃ ᠲᠡᠭᠡᠪᠡᠯ ᠂ ᠪᠢᠳᠠᠨ ᠤ 2019 ᠣᠨ ᠤ ᠠᠷᠪᠠᠨ ᠨᠢᠭᠡᠳᠦᠭᠡᠷ ᠰᠠᠷ᠎ᠠ ᠶ᠋ᠢᠨ 14 ᠳ᠋ᠥ ᠪᠠᠲᠤᠯᠠᠭᠰᠠᠨ ᠦᠨᠳᠦᠰᠦᠨ ᠬᠠᠤᠯᠢ ᠶ᠋ᠢᠨ ᠨᠡᠮᠡᠯᠲᠡ  ᠥᠭᠡᠷᠡᠴᠢᠯᠡᠯᠲᠡ ᠡᠶᠢᠨ ᠬᠦ ᠬᠦᠴᠦᠨ ᠲᠡᠭᠦᠯᠳᠡᠷ ᠪᠣᠯᠵᠤ ᠪᠠᠶᠢᠨ᠎ᠠ ᠃ ᠡᠨᠡ ᠬᠦ ᠨᠡᠮᠡᠯᠲᠡ ᠥᠭᠡᠷᠡᠴᠢᠯᠡᠯᠲᠡ ᠶ᠋ᠢ ᠬᠢᠭᠰᠡᠨ ᠢᠶ᠋ᠡᠷ ᠄  ᠦᠨᠳᠦᠰᠦᠨ ᠬᠠᠤᠯᠢ ᠳᠦ 2000 ᠣᠨ  ᠳᠦ ᠣᠷᠣᠭᠤᠯᠤᠭᠰᠠᠨ ᠳᠣᠯᠣᠭᠠᠨ ᠨᠡᠮᠡᠯᠲᠡ  ᠥᠭᠡᠷᠡᠴᠢᠯᠡᠯᠲᠡ ᠶ᠋ᠢ ᠵᠠᠰᠠᠵᠤ  ᠵᠠᠯᠠᠷᠠᠭᠤᠯᠤᠯ᠎ᠠ︔ ᠪᠠᠶᠢᠭᠠᠯᠢ ᠶ᠋ᠢᠨ ᠪᠠᠶᠠᠯᠢᠭ ᠠᠰᠢᠭᠯᠠᠭᠰᠠᠨ ᠤ ᠦᠷ᠎ᠡ ᠥᠭᠭᠦᠭᠡᠵᠢ ᠠᠷᠠᠳ ᠲᠦᠮᠡᠨ ᠳ᠋ᠥ ᠬᠦᠷᠴᠦ ᠣᠴᠢᠬᠤ ᠨᠥᠬᠥᠴᠡᠯ ᠪᠣᠯᠣᠮᠵᠢ ᠶ᠋ᠢ ᠨᠡᠭᠡᠭᠡᠵᠦ  ᠦᠭᠭᠦᠯ᠎ᠡ ︔ ᠫᠠᠷᠯᠠᠮᠧᠨ᠋ᠲ  ᠤᠨ ᠠᠷᠠᠳᠴᠢᠯᠠᠯ ᠢ ᠵᠥᠪ ᠭᠤᠯᠳᠤᠷᠢᠯ ᠳ᠋ᠤ ᠣᠷᠣᠭᠤᠯᠵᠤ ᠂ ᠠᠷᠠᠳ ᠲᠦᠮᠡᠨ ᠤ ᠵᠠᠰᠠᠭᠯᠠᠬᠤ ᠡᠷᠬᠡ ᠶ᠋ᠢ ᠬᠠᠩᠭᠠᠨ ᠤᠯᠤᠰ ᠤᠨ ᠶᠡᠬᠡ ᠬᠤᠷᠠᠯ ᠤᠨ ᠬᠢᠨᠠᠯᠲᠠ ᠂ ᠬᠠᠷᠢᠭᠤᠴᠠᠯᠭ᠎ᠠ ᠶ᠋ᠢ ᠳᠡᠭᠡᠭᠰᠢᠯᠡᠭᠦᠯᠵᠦ ᠂ ᠲᠥᠷᠥ ᠶ᠋ᠢᠨ ᠡᠷᠬᠡ ᠮᠡᠳᠡᠯ  ᠤᠨ ᠬᠢᠨᠠᠯᠲᠠ ᠲᠡᠩᠴᠡᠪᠦᠷᠢ ᠣᠨᠣᠪᠴᠢᠲᠠᠢ ᠪᠣᠯᠭᠠᠯ᠎ᠠ ︔ ᠤᠷᠲᠤ ᠬᠤᠭᠤᠴᠠᠭᠠᠨ ᠤ ᠬᠥᠭᠵᠢᠯ  ᠤᠨ ᠪᠣᠳᠣᠯᠭ᠎ᠠ ᠲᠠᠢ ᠂ ᠬᠠᠷᠢᠭᠤᠴᠠᠯᠭ᠎ᠠ ᠲᠠᠢ ᠂ ᠲᠣᠭᠲᠠᠪᠤᠷᠢᠲᠠᠢ ᠵᠠᠰᠠᠭ ᠤᠨ ᠭᠠᠵᠠᠷ ᠠᠵᠢᠯᠯᠠᠬᠤ ᠨᠥᠬᠥᠴᠡᠯ ᠢ ᠪᠦᠷᠢᠳᠦᠭᠦᠯᠦᠯ᠎ᠡ ︔ ᠬᠥᠮᠥᠨ  ᠤ ᠡᠷᠬᠡ ᠂ ᠡᠷᠬᠡ ᠴᠢᠯᠦᠭᠡ ᠂ ᠰᠢᠳᠤᠷᠭᠤ ᠶᠣᠰᠣᠨ ᠤ ᠪᠠᠲᠤᠯᠠᠭ᠎ᠠ ᠪᠠᠶᠢᠬᠤ ᠶᠣᠰᠣᠲᠠᠢ ᠰᠢᠭᠦᠬᠦ ᠡᠷᠬᠡ ᠮᠡᠳᠡᠯ  ᠤᠨ ᠬᠠᠷᠢᠭᠤᠴᠠᠯᠭ᠎ᠠ ᠶ᠋ᠢ ᠳᠡᠭᠡᠭᠰᠢᠯᠡᠭᠦᠯᠵᠦ ᠂ ᠬᠠᠷᠢᠶᠠᠲᠤ ᠪᠤᠰᠤ ᠪᠠᠶᠢᠳᠠᠯ ᠢ ᠬᠠᠩᠭᠠᠬᠤ ᠳᠤ ᠴᠢᠭᠯᠡᠭᠰᠡᠨ ᠵᠠᠷᠴᠢᠮ ᠤᠨ ᠰᠢᠨᠵᠢ ᠲᠠᠢ ᠥᠭᠡᠷᠡᠴᠢᠯᠡᠯᠲᠡ ᠣᠷᠣᠭᠤᠯᠤᠯ᠎ᠠ ︔ ᠨᠤᠲᠤᠭ ᠤᠨ ᠤᠳᠤᠷᠢᠳᠤᠯᠭ᠎ᠠ ᠶ᠋ᠢᠨ ᠲᠣᠭᠲᠠᠯᠴᠠᠭ᠎ᠠ ᠶ᠋ᠢ ᠪᠣᠯᠪᠠᠰᠤᠷᠠᠩᠭᠤᠢ ᠪᠣᠯᠭᠠᠬᠤ ᠳᠤ ᠴᠢᠭᠯᠡᠭᠰᠡᠨ ᠥᠭᠡᠷᠡᠴᠢᠯᠡᠯᠲᠡ ᠬᠢᠯ᠎ᠡ ᠃

ᠢᠷᠡᠬᠦ ᠳᠥᠷᠪᠡᠨ ᠵᠢᠯ ᠵᠠᠰᠠᠭᠯᠠᠯ ᠤᠨ ᠷᠧᠹᠥᠷᠮ ᠂ ᠡᠷᠬᠡ ᠵᠦᠢ ᠶ᠋ᠢᠨ ᠬᠤᠪᠢᠰᠬᠠᠯ ᠤᠨ ᠣᠨ ᠵᠢᠯ ᠦᠳ ᠪᠣᠯᠣᠨ᠎ᠠ ᠃ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ  ᠥᠭᠡᠷᠡᠴᠢᠯᠡᠯᠲᠡ ᠶ᠋ᠢ ᠳᠠᠭᠠᠯᠳᠤᠨ ᠭᠠᠷᠬᠤ 40 ᠭᠠᠷᠤᠢ ᠬᠠᠤᠯᠢ ᠠᠷᠠᠳ ᠲᠦᠮᠡᠨ ᠤ ᠬᠦᠰᠡᠵᠦ ᠪᠠᠶᠢᠭ᠎ᠠ ᠰᠢᠳᠤᠷᠭᠤ ᠶᠣᠰᠣ ᠂ ᠲᠥᠷᠥ ᠶ᠋ᠢᠨ ᠡᠷᠬᠡ ᠪᠠᠷᠢᠬᠤ ᠪᠠᠶᠢᠭᠤᠯᠭ᠎ᠠ ᠶ᠋ᠢᠨ ᠬᠠᠷᠢᠭᠤᠴᠠᠯᠭ᠎ᠠ ᠂ ᠲᠥᠰᠥᠪ  ᠤᠨ ᠢᠯᠡ ᠲᠣᠳᠣ ᠬᠢᠨᠠᠯᠲᠠ ᠲᠠᠢ ᠪᠠᠶᠢᠬᠤ ᠨᠥᠬᠥᠴᠡᠯ ᠢ ᠠᠮᠢᠳᠤᠷᠠᠯ ᠳᠡᠭᠡᠷ᠎ᠡ ᠪᠠᠭᠤᠯᠭᠠᠬᠤ ᠶᠣᠰᠣᠲᠠᠢ ᠃ ᠣᠷᠭᠠᠨᠢᠭ ᠬᠠᠤᠯᠢ ᠨᠣᠭᠣᠳ ᠲᠠᠭᠠᠨ ᠦᠨᠳᠦᠰᠦᠨ ᠬᠠᠤᠯᠢ ᠪᠣᠯᠣᠨ ᠦᠨᠳᠦᠰᠦᠨ ᠬᠠᠤᠯᠢ ᠳᠤ ᠣᠷᠣᠭᠤᠯᠤᠭᠰᠠᠨ ᠡᠨᠡ ᠬᠦ ᠨᠡᠮᠡᠯᠲᠡ ᠥᠭᠡᠷᠡᠴᠢᠯᠡᠯᠲᠡ ᠶ᠋ᠢᠨ ᠭᠣᠣᠯ ᠵᠠᠷᠴᠢᠮ ᠤᠳ ᠢ ᠨᠢᠭᠡ ᠪᠦᠷᠢᠴᠢᠯᠡᠨ ᠨᠠᠷᠢᠪᠴᠢᠯᠠᠨ ᠰᠠᠭᠤᠯᠭᠠᠵᠤ ᠴᠢᠳᠠᠬᠤ ᠦᠭᠡᠢ ᠪᠣᠯ ᠵᠠᠰᠠᠭᠯᠠᠯ ᠤᠨ ᠬᠢᠮᠤᠷᠠᠯ ᠵᠠᠰᠠᠭᠳᠠᠬᠤ ᠠᠵᠢᠯ ᠤᠳᠠᠭᠠᠰᠢᠷᠠᠬᠤ ᠪᠣᠯᠣᠨ᠎ᠠ ᠃ ᠡᠶᠢᠮᠦ ᠳ᠋ᠥ ᠰᠢᠨ᠎ᠡ ᠳᠡᠪᠰᠢᠯᠲᠡᠲᠦ ᠦᠵᠡᠯ ᠰᠠᠨᠠᠭ᠎ᠠ ᠂ ᠦᠢᠯᠡ ᠬᠡᠷᠡᠭ ᠠᠯᠢ ᠪᠣᠯᠬᠤ ᠵᠥᠪ ᠬᠡᠷᠡᠭᠵᠢᠵᠦ ᠂ ᠠᠴᠢ ᠲᠤᠰᠠ ᠪᠠᠨ ᠤᠯᠤᠰ ᠣᠷᠣᠨ ᠤ ᠬᠥᠭᠵᠢᠯ ᠳ᠋ᠥ ᠠᠯᠢ ᠪᠣᠯᠬᠤ ᠬᠤᠷᠳᠤᠨ ᠥᠭᠬᠦ ᠶ᠋ᠢᠨ ᠲᠥᠯᠥᠭᠡ ᠳᠠᠷᠠᠭ᠎ᠠ ᠶ᠋ᠢᠨ ᠲᠥᠷᠥ ᠵᠠᠰᠠᠭ ᠬᠢᠴᠢᠶᠡᠨ ᠠᠵᠢᠯᠯᠠᠬᠤ ᠡᠭᠦᠷᠭᠡ ᠬᠦᠯᠢᠶᠡᠵᠦ ᠪᠠᠶᠢᠭ᠎ᠠ ᠶ᠋ᠢ ᠤᠬᠠᠮᠰᠠᠷᠯᠠᠨ ᠣᠶᠢᠯᠠᠭᠠᠬᠤ ᠬᠡᠷᠡᠭᠲᠡᠢ  ᠭᠡᠪᠡ ᠃

ᠰᠡᠳᠬᠢᠭᠳᠡᠯ ᠦᠯᠡᠳᠡᠭᠡᠬᠦ