ᠶᠡᠷᠦᠩᠬᠡᠢ ᠰᠢᠭᠦᠭᠴᠢ ᠪᠡᠷ ᠳᠠᠮᠳᠢᠨ ᠤ ᠭᠠᠩᠵᠣᠷᠢᠭ ᠢ ᠲᠣᠮᠢᠯᠠᠯ᠎ᠠ | News.MN

ᠶᠡᠷᠦᠩᠬᠡᠢ ᠰᠢᠭᠦᠭᠴᠢ ᠪᠡᠷ ᠳᠠᠮᠳᠢᠨ ᠤ ᠭᠠᠩᠵᠣᠷᠢᠭ ᠢ ᠲᠣᠮᠢᠯᠠᠯ᠎ᠠ

 

ᠮᠣᠩᠭᠣᠯ ᠤᠯᠤᠰ ᠤᠨ ᠶᠡᠷᠦᠩᠬᠡᠶᠢᠯᠡᠭᠴᠢ ᠬ᠊ · ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ ᠂ ᠤᠯᠤᠰ ᠤᠨ ᠳᠡᠭᠡᠳᠦ ᠰᠢᠭᠦᠬᠦ ᠶ᠋ᠢᠨ ᠶᠡᠷᠦᠩᠬᠡᠢ ᠰᠢᠭᠦᠭᠴᠢ ᠪᠡᠷ ᠳ᠋᠊ · ᠭᠠᠩᠵᠣᠷᠢᠭ ᠢ ᠲᠣᠮᠢᠯᠠᠯ᠎ᠠ ᠃ ᠶᠡᠷᠦᠩᠬᠡᠶᠢᠯᠡᠭᠴᠢ ᠶ᠋ᠢᠨ ᠵᠠᠷᠯᠢᠭ  ᠲᠤ ᠄ ︽ ᠮᠣᠩᠭᠣᠯ ᠤᠯᠤᠰ ᠤᠨ ᠦᠨᠳᠦᠰᠦᠨ ᠬᠠᠤᠯᠢ︾ ᠶ᠋ᠢᠨ ᠲᠠᠪᠢᠨ ᠨᠢᠭᠡᠳᠦᠭᠡᠷ ᠵᠦᠢᠯ  ᠤᠨ 2 ᠂ ︽ᠮᠣᠩᠭᠣᠯ ᠤᠯᠤᠰ ᠤᠨ ᠶᠡᠷᠦᠩᠬᠡᠶᠢᠯᠡᠭᠴᠢ ᠶ᠋ᠢᠨ ᠲᠤᠬᠠᠢ︾ ᠬᠠᠤᠯᠢ ᠶ᠋ᠢᠨ 9 ᠳ᠋ᠤᠭᠡᠷ ᠵᠦᠢᠯ  ᠤᠨ 1 ᠂ ︽ᠰᠢᠭᠦᠭᠴᠢ ᠶ᠋ᠢᠨ ᠡᠷᠬᠡ ᠵᠦᠢ ᠶ᠋ᠢᠨ ᠪᠠᠶᠢᠳᠠᠯ ᠤᠨ ᠲᠤᠬᠠᠢ︾ ᠬᠠᠤᠯᠢ ᠶ᠋ᠢᠨ 15 ᠳ᠋ᠤᠭᠠᠷ ᠵᠦᠢᠯ  ᠦᠨ 15.3 ᠳ᠋ᠡᠬᠢ ᠬᠡᠰᠡᠭ ᠢ ᠲᠤᠰ ᠲᠤᠰ ᠦᠨᠳᠦᠰᠦᠯᠡᠨ ᠵᠠᠷᠯᠢᠭ ᠪᠣᠯᠭᠠᠬᠤ ᠨᠢ ᠄ ᠤᠯᠤᠰ ᠤᠨ ᠳᠡᠭᠡᠳᠦ ᠰᠢᠭᠦᠬᠦ ᠶ᠋ᠢᠨ ᠰᠠᠨᠠᠯ ᠪᠣᠯᠭᠠᠭᠰᠠᠨ ᠢᠶᠠᠷ ᠳᠠᠮᠳᠢᠨ ᠤ ᠭᠠᠩᠵᠣᠷᠢᠭ ᠢ ᠤᠯᠤᠰ ᠤᠨ ᠳᠡᠭᠡᠳᠦ ᠰᠢᠭᠦᠬᠦ ᠶ᠋ᠢᠨ ᠶᠡᠷᠦᠩᠬᠡᠢ ᠰᠢᠭᠦᠭᠴᠢ ᠶ᠋ᠢᠨ ᠠᠯᠪᠠᠨ ᠲᠤᠰᠢᠶᠠᠯ ᠳᠤ ᠲᠣᠮᠢᠯᠠᠰᠤᠭᠠᠢ  ᠭᠡᠵᠡᠢ ᠃

ᠳᠡᠭᠡᠷᠡᠬᠢ ᠵᠠᠷᠯᠢᠭ ᠢ ᠶᠡᠷᠦᠩᠬᠡᠶᠢᠯᠡᠭᠴᠢ ᠶ᠋ᠢᠨ ᠲᠠᠮᠠᠭ᠎ᠠ ᠶ᠋ᠢᠨ ᠭᠠᠵᠠᠷ ᠤᠨ ᠳᠠᠷᠤᠭ᠎ᠠ ᠥ᠊ · ᠰᠢᠵᠢᠷ ᠥᠨᠥᠳᠥᠷ ᠤᠯᠤᠰ ᠤᠨ ᠳᠡᠭᠡᠳᠦ ᠰᠢᠭᠦᠬᠦ ᠶ᠋ᠢᠨ ᠰᠢᠭᠦᠭᠴᠢ ᠂ ᠠᠵᠢᠯᠲᠠᠨ ᠂ ᠠᠯᠪᠠᠨ ᠬᠠᠭᠠᠭᠴᠢ ᠨᠠᠷ  ᠲᠤ ᠤᠩᠰᠢᠵᠤ ᠰᠣᠨᠣᠷᠳᠠᠭᠤᠯᠤᠯ᠎ᠠ ᠃ ᠵᠠᠷᠯᠢᠭ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠤᠯᠤᠰ ᠤᠨ ᠳᠡᠭᠡᠳᠦ ᠰᠢᠭᠦᠬᠦ ᠶ᠋ᠢᠨ ᠶᠡᠷᠦᠩᠬᠡᠢ ᠰᠢᠭᠦᠭᠴᠢ ᠶ᠋ᠢᠨ ᠡᠭᠦᠷᠭᠡ ᠭᠦᠢᠴᠡᠳᠬᠡᠭᠴᠢ ᠴ᠊ · ᠲᠤᠩᠭᠠᠯᠠᠭ ᠰᠢᠨ᠎ᠡ ᠪᠡᠷ ᠲᠣᠮᠢᠯᠠᠭᠳᠠᠭᠰᠠᠨ ᠶᠡᠷᠦᠩᠬᠡᠢ ᠰᠢᠭᠦᠭᠴᠢ ᠳ᠋᠊ · ᠭᠠᠩᠵᠣᠷᠢᠭ ᠲᠤ ᠳᠡᠭᠡᠳᠦ ᠰᠢᠭᠦᠬᠦ ᠶ᠋ᠢᠨ ᠲᠠᠮᠠᠭ᠎ᠠ ᠶ᠋ᠢ ᠭᠠᠷᠳᠠᠭᠤᠯᠪᠠ ᠃

ᠰᠡᠳᠬᠢᠭᠳᠡᠯ ᠦᠯᠡᠳᠡᠭᠡᠬᠦ