ᠭᠠᠯᠳᠠᠨ ᠪᠣᠱᠣᠭᠲᠤ ᠬᠠᠭᠠᠨ ᠤ ᠨᠡᠷᠡᠮᠵᠢᠲᠦ ᠱᠠᠩᠨᠠᠯ ᠭᠠᠷᠳᠠᠭᠤᠯᠪᠠ | News.MN

ᠭᠠᠯᠳᠠᠨ ᠪᠣᠱᠣᠭᠲᠤ ᠬᠠᠭᠠᠨ ᠤ ᠨᠡᠷᠡᠮᠵᠢᠲᠦ ᠱᠠᠩᠨᠠᠯ ᠭᠠᠷᠳᠠᠭᠤᠯᠪᠠ

ᠬᠣᠪᠲᠤ ᠠᠶᠢᠮᠠᠭ ᠤᠨ ᠳᠡᠭᠡᠳᠦ ᠱᠠᠩᠨᠠᠯ ᠪᠣᠯᠬᠤ ︽ ᠭᠠᠯᠳᠠᠨ ᠪᠣᠱᠣᠭᠲᠤ ᠬᠠᠭᠠᠨ ︾ ‍ᠤ ᠨᠡᠷᠡᠮᠵᠢᠲᠦ ᠱᠠᠩᠨᠠᠯ ᠢ ᠡᠷᠳᠡᠨᠢᠪᠦ᠋ᠷᠢᠨ ᠰᠤᠮᠤ ᠬᠦᠷᠲᠡᠯ᠎ᠡ ᠃ ᠡᠨᠡ ᠬᠦ ᠱᠠᠩᠨᠠᠯ ᠢ ᠲᠠᠪᠤᠳᠤᠭᠠᠷ ᠰᠠᠷ᠎ᠠ ᠶ᠋ᠢᠨ 28 ᠳ᠋ᠥ ᠠᠶᠢᠮᠠᠭ ᠤᠨ ᠤᠳᠤᠷᠢᠳᠤᠯᠭ᠎ᠠ ᠨᠠᠷ ᠭᠠᠷᠳᠠᠭᠤᠯᠤᠨ ᠥᠭᠴᠦ ᠂ ᠪᠠᠶᠠᠷ ᠬᠦᠷᠭᠡᠭᠰᠡᠨ ᠪᠠᠶᠢᠨ᠎ᠠ ᠃ ᠲᠤᠰ ᠱᠠᠩᠨᠠᠯ ᠢ ᠠᠩᠬ᠎ᠠ ᠮᠣᠩᠭᠣᠯ ᠤᠯᠤᠰ ᠤᠨ ᠶᠡᠷᠦᠩᠬᠡᠶᠢᠯᠡᠭᠴᠢ ᠠᠰᠠᠨ ᠴᠠᠬᠢᠶ᠎ᠠ ᠶ᠋ᠢᠨ ᠡᠯᠪᠡᠭᠳᠣᠷᠵᠢ ᠬᠦᠷᠲᠡᠵᠦ ᠪᠠᠶᠢᠭᠰᠠᠨ ᠃ ᠳᠠᠷᠠᠭ᠎ᠠ ᠨᠢ ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠠᠰᠠᠨ ᠳᠠᠮᠳᠢᠨ ᠤ ᠳᠡᠮᠪᠡᠷᠢᠯ᠂ ᠬᠥᠳᠡᠯᠮᠦᠷᠢ ᠶ᠋ᠢᠨ ᠪᠠᠭᠠᠲᠤᠷ ᠂ ᠠᠷᠠᠳ ᠤᠨ ᠡᠮᠴᠢ  ᠨᠠᠴᠢᠨ ᠤ ᠪᠠᠰᠠᠩᠵᠠᠪ ᠨᠠᠷ ᠲᠤᠰ ᠲᠤᠰ ᠬᠦᠷᠲᠡᠵᠡᠢ ᠃

ᠲᠡᠭᠡᠪᠡᠯ  ᠮᠠᠯ ᠠᠵᠤ ᠠᠬᠤᠢ ᠂ ᠭᠠᠵᠠᠷ ᠲᠠᠷᠢᠶᠠᠯᠠᠩ ᠂ ᠦᠢᠯᠡᠳᠪᠦᠷᠢᠯᠡᠯ ᠂ ᠦᠢᠯᠡᠴᠢᠯᠡᠭᠡᠨ  ᠤ ᠰᠠᠯᠪᠤᠷᠢ ᠶ᠋ᠢ ᠬᠥᠭᠵᠢᠭᠦᠯᠬᠦ ᠦᠢᠯᠡᠰ ᠲᠥ ᠮᠠᠩᠯᠠᠶᠢᠯᠠᠨ ᠠᠵᠢᠯᠯᠠᠵᠤ ᠪᠠᠶᠢᠭ᠎ᠠ  ᠡᠷᠳᠡᠨᠢᠪᠦ᠋ᠷᠢᠨ ᠰᠤᠮᠤ ᠶᠢᠨ ᠬᠢᠨ ᠳᠦ ᠳᠥᠷᠪᠡᠳᠡᠬᠢ ᠤᠳᠠᠭᠠᠨ ᠤ ᠱᠠᠩᠨᠠᠯ ᠢ ᠡᠶᠢᠨ ᠬᠦ ᠬᠦᠨᠳᠦᠳᠬᠡᠯ ᠲᠠᠢ ᠪᠠᠷ ᠭᠠᠷᠳᠠᠭᠤᠯᠤᠨ ᠥᠭᠭᠦᠭᠰᠡᠨ  ᠪᠠᠢᠨ᠎ᠠ᠃ ᠲᠤᠰ ᠰᠤᠮᠤᠨ ᠳᠤ ᠶᠡᠬᠡᠪᠴᠢᠯᠡᠨ ᠥᠭᠡᠯᠡᠳ ᠤᠭᠰᠠᠭᠠᠲᠠᠨ ᠠᠵᠤ ᠲᠥᠷᠥᠵᠦ ᠪᠤᠢ ᠃ ᠰᠤᠮᠤ ᠶ᠋ᠢᠨ ᠬᠢᠨᠢ ᠮᠦᠽᠧᠢ ᠳ᠋ᠦ ᠭᠠᠯᠳᠠᠨ ᠪᠣᠱᠣᠭᠲᠤ ᠬᠠᠭᠠᠨ ᠤ ᠬᠡᠷᠡᠭᠯᠡᠵᠦ ᠪᠠᠶᠢᠭᠰᠠᠨ ᠲᠠᠮᠠᠭᠠᠨ ᠤ ᠬᠠᠶᠢᠷᠴᠠᠭ ᠂ ᠬᠣᠷᠯᠣ ᠲᠣᠭᠯᠠᠭᠠᠮ ᠂ ᠪᠤᠷᠬᠠᠨ ᠤ ᠱᠠᠰᠢᠨ ᠤ ᠡᠳ᠋ ᠵᠦᠢᠯᠡᠰ ᠪᠤᠢ ᠃

ᠰᠡᠳᠬᠢᠭᠳᠡᠯ ᠦᠯᠡᠳᠡᠭᠡᠬᠦ