ᠮᠠᠯᠴᠢᠳ 1.5 ᠰᠠᠶ᠎ᠠ ᠲᠤᠯᠤᠭᠠᠢ ᠮᠠᠯ ᠊ᠢ ᠪᠣᠷᠤᠯᠠᠭᠤᠯᠬᠤ ᠬᠦᠰᠡᠯ ᠲᠠᠢ ᠪᠠᠢᠢᠨ᠎ᠠ | News.MN

ᠮᠠᠯᠴᠢᠳ 1.5 ᠰᠠᠶ᠎ᠠ ᠲᠤᠯᠤᠭᠠᠢ ᠮᠠᠯ ᠊ᠢ ᠪᠣᠷᠤᠯᠠᠭᠤᠯᠬᠤ ᠬᠦᠰᠡᠯ ᠲᠠᠢ ᠪᠠᠢᠢᠨ᠎ᠠ

 

ᠥᠪᠥᠷᠬᠠᠩᠭᠠᠢ ᠠᠢᠮᠠᠭ ᠤᠨ ᠰᠤᠮᠤᠳ ᠤᠨ ᠬᠥᠳᠡᠭᠡ ᠠᠵᠤ ᠠᠬᠤᠢ ᠵᠢᠨ ᠲᠠᠰᠤᠭ  ᠤᠨ  ᠮᠡᠷᠭᠡᠵᠢᠯᠲᠡᠳ ᠦᠨ ᠨᠢᠭᠡᠳᠦᠭᠰᠡᠨ ᠰᠤᠷᠭᠠᠯᠲᠠ ᠂ ᠵᠥᠪᠯᠡᠯᠭᠡᠨ ᠪᠣᠯᠤᠯ᠎ᠠ ᠃ ᠡᠨᠡ ᠦᠶ᠎ᠡ ᠪᠡᠷ  ᠰᠤᠮᠤᠳ ᠤᠨ ᠬᠥᠳᠡᠭᠡ ᠠᠵᠤ ᠠᠬᠤᠢ ᠵᠢᠨ ᠰᠠᠯᠪᠤᠷᠢ ᠵᠢᠨ 2019 ᠣᠨ ᠪ ᠦᠢᠯᠡ ᠠᠵᠢᠯᠯᠠᠭᠠᠨ ᠪ ᠦᠷ᠎ᠡ ᠳ᠋ᠦᠩ ᠂ ᠴᠠᠭᠠᠰᠢᠳᠠ ᠠᠩᠬᠠᠷᠬᠤ ᠠᠰᠠᠭᠤᠳᠠᠯ ᠂ ᠭᠠᠵᠠᠷ ᠲᠠᠷᠢᠶᠠᠯᠠᠩ ᠤᠨ ᠰᠠᠯᠪᠤᠷᠢ ᠳᠤ ᠲᠤᠯᠭᠠᠮᠳᠠᠵᠤ ᠪᠤᠢ ᠠᠰᠠᠭᠤᠳᠠᠯ᠂ ᠡᠪᠦᠯᠵᠢᠯᠲᠡ ᠵᠢᠨ ᠪᠡᠯᠡᠳᠬᠡᠯ ᠠᠵᠢᠯ ᠤᠨ ᠲᠠᠯ᠎ᠠ ᠪᠡᠷ ᠮᠡᠳᠡᠭᠡᠯᠡᠯ ᠥᠭᠴᠦ ᠂ ᠰᠠᠨᠠᠯ ᠰᠤᠯᠢᠯᠴᠠᠭᠰᠠᠨ ᠶᠤᠮ ᠃

ᠠᠢᠢᠮᠠᠭ  ᠤᠨ ᠤᠳᠤᠷᠢᠳᠤᠯᠭ᠎ᠠ ᠡᠴᠠ ᠮᠡᠷᠭᠡᠵᠢᠯᠲᠡᠳ ᠲᠦ ᠬᠠᠨᠳᠤᠨ ᠡᠪᠡᠰᠦ ᠬᠠᠳᠤᠯᠠᠩ ᠠᠪᠬᠤ ᠂ ᠡᠪᠦᠯᠵᠢᠯᠲᠡ ᠵᠢᠨ ᠪᠡᠯᠡᠳᠬᠡᠯ ᠠᠵᠢᠯ ᠳᠤ ᠣᠨᠴᠠᠭᠠᠢ ᠠᠩᠬᠠᠷᠤᠯ ᠬᠠᠨᠳᠤᠭᠤᠯᠬᠤ ᠶᠢ ᠬᠦᠰᠡᠵᠦ ᠂ ᠣᠲᠤᠷ ᠵᠢᠨᠷ ᠶᠠᠪᠤᠬᠤ ᠮᠠᠯᠴᠢᠨ ᠡᠷᠦᠬᠡ ᠵᠢᠨ ᠲᠤᠭ᠎ᠠ ᠪᠣᠯᠤᠨ ᠵᠠᠬ᠎ᠠ ᠵᠡᠭᠡᠯᠢ ᠳ᠋ᠦ ᠮᠠᠯ ᠂ ᠮᠢᠬ᠎ᠠ ᠪᠣᠷᠤᠯᠠᠭᠤᠯᠬᠤ ᠪᠣᠯᠤᠮᠵᠢ ᠂  ᠰᠤᠳᠤᠯᠭᠠᠨ ᠢ ᠭᠠᠷᠭᠠᠵᠤ ᠮᠠᠯᠴᠢᠳ ᠲᠤ ᠮᠡᠳᠡᠭᠡᠯᠡᠬᠦ ᠡᠭᠦᠷᠭᠡ ᠴᠢᠭᠯᠡᠯ ᠥᠭᠭᠦᠯ᠎ᠡ ᠃ ᠮᠠᠯᠴᠢᠳ ᠴᠠᠭ ᠠᠭᠠᠷ ᠤᠨ ᠨᠥᠬᠥᠴᠡᠯ ᠪᠠᠢᠢᠳᠠᠯ ᠡᠴᠠ ᠰᠢᠯᠲᠠᠭᠠᠯᠠᠨ᠂ ᠮᠠᠯ ᠵᠢᠨᠨ ᠶᠡᠬᠡ ᠬᠡᠮᠵᠢᠶ᠎ᠡ ᠪᠡᠷ ᠪᠣᠷᠤᠯᠠᠭᠤᠯᠬᠤ ᠬᠦᠰᠡᠯ ᠲᠠᠢ ᠪᠠᠢᠢᠭ᠎ᠠ ᠪᠠ ᠨᠡᠢᠢᠲᠡ 1.510.152 ᠲᠤᠯᠤᠭᠠᠢ ᠮᠠᠯ ᠪᠣᠷᠤᠯᠠᠭᠤᠯᠬᠤ ᠤᠷᠢᠳᠴᠢᠯᠠᠭᠰᠠᠨ ᠳ᠋ᠦᠩ ᠭᠠᠷᠴᠠᠢ ᠃

ᠰᠡᠳᠬᠢᠭᠳᠡᠯ ᠦᠯᠡᠳᠡᠭᠡᠬᠦ