ᠰᠤᠯᠤᠩᠭᠤᠰ  ᠲᠤ ᠸᠢᠰᠠ ᠦᠭᠡᠢ ᠵᠤᠷᠴᠢᠬᠤ ᠲᠠᠯ᠎ᠠ ᠪᠡᠷ ᠰᠠᠨᠠᠯ ᠰᠤᠯᠢᠯᠴᠠᠪᠠ | News.MN

ᠰᠤᠯᠤᠩᠭᠤᠰ  ᠲᠤ ᠸᠢᠰᠠ ᠦᠭᠡᠢ ᠵᠤᠷᠴᠢᠬᠤ ᠲᠠᠯ᠎ᠠ ᠪᠡᠷ ᠰᠠᠨᠠᠯ ᠰᠤᠯᠢᠯᠴᠠᠪᠠ

 

ᠮᠤᠩᠭᠤᠯ ᠤᠯᠤᠰ ᠤᠨ ᠶᠡᠷᠦᠩᠬᠡᠢ ᠰᠠᠢᠢᠳ ᠤ᠊ · ᠬᠦᠷᠡᠯᠰᠦ᠋ᠬᠡ ᠪᠦᠭᠦᠳᠡ ᠨᠠᠢᠢᠷᠠᠮᠳᠠᠬᠤ ᠰᠤᠯᠤᠩᠭᠤᠰ ᠤᠯᠤᠰ ᠡᠴᠠ ᠮᠤᠩᠭᠤᠯ ᠤᠯᠤᠰ ᠲᠤ ᠰᠠᠭᠤᠭ᠎ᠠ ᠡᠯᠴᠢᠨ ᠰᠠᠢᠢᠳ ᠯᠢ ᠶᠤ ᠾᠤᠨ ᠊ᠢ 2020 ᠣᠨ ᠪ ᠨᠠᠢᠮᠠᠳᠤᠭᠠᠷ ᠰᠠᠷ᠎ᠠ ᠵᠢᠨ 13 ᠪ ᠡᠳᠦᠷ ᠬᠦᠯᠢᠶᠡᠨ ᠠᠪᠴᠤ ᠠᠭᠤᠯᠵᠠᠪᠠ ᠃ ᠪᠦᠭᠦᠳᠡ ᠨᠠᠢᠢᠷᠠᠮᠳᠠᠬᠤ ᠰᠤᠯᠤᠩᠭᠤᠰ ᠤᠯᠤᠰ ᠤᠨ ᠶᠡᠷᠦᠩᠬᠡᠢ ᠰᠠᠢᠢᠳ ᠵᠤᠨ ᠰᠸ ᠭᠢᠶᠦ᠋ᠨ ᠪᠠᠶᠠᠷ ᠦᠨ ᠵᠠᠬᠢᠳᠠᠯ ᠢᠷᠡᠭᠦᠯᠦᠭᠰᠡᠨ ᠳ᠋ᠦ ᠶᠡᠷᠦᠩᠬᠡᠢ ᠰᠠᠢᠢᠳ ᠲᠠᠯᠠᠷᠬᠠᠯ ᠢᠯᠡᠷᠬᠡᠢᠢᠯᠡᠪᠡ ᠃ ᠬᠤᠶᠠᠷ ᠣᠷᠤᠨ ᠪ ᠬᠤᠭᠤᠷᠤᠨᠳᠤ ᠳ᠋ᠢᠫᠯᠤᠮᠠᠲ ᠬᠠᠷᠢᠯᠴᠠᠭ᠎ᠠ ᠲᠤᠬᠲᠠᠭᠠᠬᠰᠠᠨ ᠪ 30 ᠵᠢᠯ ᠤᠨ ᠣᠢ ᠡᠨᠡ ᠣᠨ ᠳᠤ ᠲᠤᠬᠢᠶᠠᠵᠤ ᠪᠠᠢᠢᠭ᠎ᠠ ᠵᠢ ᠲᠡᠮᠳᠡᠭᠯᠡᠵᠦ ᠂ ︽ᠮᠤᠩᠭᠤᠯ ᠂ ᠰᠤᠯᠤᠩᠭᠤᠰ ᠤᠨ ᠨᠠᠢᠢᠷᠠᠮᠳᠠᠯ ᠤᠨ ᠵᠢᠯ ︾ ᠤᠨ ᠬᠦᠷᠢᠶᠡᠨ ᠳ᠋ᠦ ᠬᠠᠷᠢᠯᠴᠠᠭ᠎ᠠ ᠂ ᠬᠠᠮᠲᠤ ᠵᠢᠨ ᠠᠵᠢᠯᠯᠠᠭ᠎ᠠ ᠵᠢ ᠬᠤᠳᠠᠯᠳᠤᠭ᠎ᠠ ᠂ ᠡᠳ᠋ ᠤᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ ᠂ ᠢᠷᠭᠡᠳ ᠬᠤᠭᠤᠷᠤᠨᠳᠤ ᠵᠢᠨ ᠨᠠᠢᠢᠷᠰᠠᠭ ᠬᠠᠷᠢᠯᠴᠠᠭ᠎ᠠ ᠵᠢ ᠪᠡᠬᠢᠵᠢᠭᠦᠯᠬᠦ ᠵᠢᠨ ᠲᠥᠯᠦᠭᠡ ᠭᠡᠳᠡᠭ ᠵᠢᠨᠨ ᠢᠯᠡᠷᠬᠡᠢᠢᠯᠡᠪᠡ ᠃

ᠲᠠᠬᠤᠯ ᠲᠠᠢ ᠲᠡᠮᠡᠴᠡᠬᠦ ᠂ ᠢᠷᠭᠡᠳ ᠵᠢᠨᠨ ᠲᠠᠲᠠᠨ ᠠᠪᠬᠤ ᠴᠢᠭᠯᠡᠯ ᠵᠢᠨᠷ ᠰᠤᠯᠤᠩᠭᠤᠰ  ᠤᠨ ᠲᠠᠯ᠎ᠠ ᠲᠠᠢ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠪᠠᠨ ᠬᠡᠯᠡᠭᠡᠳ ᠲᠤᠰ ᠤᠯᠤᠰ ᠲᠤ ᠠᠮᠢᠳᠤᠷᠠᠵᠤ ᠂ ᠠᠵᠢᠯᠯᠠᠵᠤ ᠪᠠᠢᠢᠭ᠎ᠠ ᠮᠤᠩᠭᠤᠯ ᠢᠷᠭᠡᠳ ᠲᠦ ᠪᠣᠯᠤᠮᠵᠢᠲᠤ ᠪᠦᠬᠦ ᠲᠠᠯ᠎ᠠ ᠵᠢᠨ ᠳᠡᠮᠵᠢᠯᠭᠡ ᠂ ᠲᠤᠰᠠᠯᠠᠯᠴᠠᠭ᠎ᠠ ᠦᠵᠡᠭᠦᠯᠬᠦ ᠵᠢ ᠬᠦᠰᠡᠯ᠎ᠡ ᠃ ᠡᠯᠴᠢᠨ ᠰᠠᠢᠢᠳ ᠯᠢ ᠶᠤ ᠾᠤᠨ ᠮᠤᠩᠭᠤᠯ ᠤᠯᠤᠰ ᠤᠨ ᠶᠡᠷᠦᠩᠬᠡᠢ ᠰᠠᠢᠢᠳ ᠵᠢᠨᠷ ᠳᠠᠬᠢᠨ  ᠲᠤᠮᠢᠯᠠᠭᠳᠠᠭᠰᠠᠨ ᠲᠠᠢ ᠨᠢ ᠬᠤᠯᠪᠣᠬᠳᠠᠭᠤᠯᠤᠨ ᠪᠠᠶᠠᠷ ᠬᠦᠷᠭᠡᠵᠦ ᠂ ᠠᠵᠢᠯ ᠤᠨ ᠠᠮᠵᠢᠯᠲᠠ ᠬᠦᠰᠡᠪᠡ ᠃ ᠳᠡᠯᠡᠬᠡᠢ ᠨᠡᠢᠢᠲᠡ ᠳ᠋ᠦ ᠲᠠᠷᠬᠠᠬᠰᠠᠨ ᠴᠠᠷ᠎ᠠ ᠲᠠᠬᠤᠯ ᠤᠨ ᠡᠨᠡ ᠦᠶ᠎ᠡ ᠳ᠋ᠦ ᠮᠤᠩᠭᠤᠯ ᠤᠯᠤᠰ ᠬᠠᠯᠳᠠᠪᠤᠷᠢ ᠵᠢ ᠳᠤᠲᠤᠭᠠᠳᠤ ᠳ᠋ᠤ ᠪᠠᠨ ᠠᠯᠳᠠᠯ ᠦᠭᠡᠢ ᠂ ᠤᠷᠢᠳᠴᠢᠯᠠᠨ ᠰᠡᠷᠭᠡᠢᠢᠯᠡᠬᠦ ᠠᠷᠭ᠎ᠠ ᠬᠡᠮᠵᠢᠶ᠎ᠡ ᠵᠢ ᠰᠢᠭᠤᠷᠬᠠᠢ ᠠᠪᠴᠤ ᠪᠠᠢᠢᠭ᠎ᠠ ᠵᠢ ᠥᠨᠳᠦᠷ  ᠦᠨᠡᠯᠡᠪᠡ᠃ ᠠᠭᠤᠯᠵᠠᠯᠲᠠ ᠵᠢᠨ ᠦᠶ᠎ᠡ ᠪᠡᠷ ᠠᠭᠠᠷ  ᠦᠨ ᠪᠤᠬᠢᠷᠳᠤᠯ ᠊ᠢ ᠪᠠᠭᠤᠷᠠᠭᠤᠯᠬᠤ ᠵᠡᠷᠭᠡ ᠲᠥᠰᠦᠯ ᠬᠥᠲᠦᠯᠪᠦᠷᠢ ᠵᠢᠨ ᠬᠡᠷᠡᠭᠵᠢᠯᠲᠡ ᠵᠢ ᠡᠷᠴᠢᠮᠵᠢᠭᠦᠯᠬᠦ ᠂ ᠢᠷᠭᠡᠳ ᠬᠠᠷᠢᠯᠴᠠᠨ ᠸᠢᠰᠠ ᠦᠭᠡᠢ ᠵᠤᠷᠴᠢᠬᠤ ᠲᠠᠯ᠎ᠠ ᠪᠡᠷ ᠰᠠᠨᠠᠯ ᠰᠤᠯᠢᠯᠴᠠᠪᠠ ᠭᠡᠵᠦ ᠵᠠᠰᠠᠭ  ᠤᠨ ᠭᠠᠵᠠᠷ  ᠤᠨ ᠬᠡᠪᠯᠡᠯ ᠮᠡᠳᠡᠭᠡᠯᠡᠯ ᠲᠠᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ ᠃

 

ᠰᠡᠳᠬᠢᠭᠳᠡᠯ ᠦᠯᠡᠳᠡᠭᠡᠬᠦ