ᠠ᠊ ∙ ᠲᠡᠮᠦᠷ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ  | News.MN

ᠠ᠊ ∙ ᠲᠡᠮᠦᠷ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ 

ᠮᠣᠩᠭᠣᠯ ᠤᠯᠤᠰ ᠠᠴᠠ ᠲᠠᠢᠯᠠᠨᠳ᠋ ᠤᠨ ᠬᠠᠭᠠᠨᠲᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠠ᠊ ∙ ᠲᠡᠮᠦᠷ 2020 ᠣᠨ ᠤ 10 ᠳ᠋ᠤᠭᠠᠷ ᠰᠠᠷ᠎ᠠ ᠶᠢᠨ 26 ᠍ ᠤ ᠡᠳᠦᠷ ᠲᠠᠢᠯᠠᠨᠳ᠋ ᠤᠨ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ  ᠳᠦ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ᠃ ᠴᠣᠭ ᠵᠢᠪᠬᠤᠯᠠᠩᠲᠤ ᠬᠠᠭᠠᠨ ᠡᠯᠴᠢᠨ ᠰᠠᠶᠢᠳ ᠢᠶᠠᠷ ᠲᠣᠮᠢᠯᠠᠭᠳᠠᠭᠰᠠᠨ ᠳᠤ  ᠨᠢ ᠪᠠᠶᠠᠷ ᠬᠦᠷᠭᠡᠵᠦ᠂ ᠮᠣᠩᠭᠣᠯ ᠤᠯᠤᠰ ᠨᠢ ᠦᠵᠡᠰᠬᠦᠯᠡᠩᠲᠦ ᠪᠠᠶᠢᠭᠠᠯᠢ᠂ ᠥᠷᠭᠡᠨ ᠠᠭᠤᠳᠠᠮ ᠲᠠᠯ᠎ᠠ ᠨᠤᠲᠤᠭ ᠢᠶᠠᠷ ᠢᠶᠠᠨ ᠠᠯᠳᠠᠷᠲᠠᠢ ᠪᠥᠭᠡᠳ ᠮᠣᠩᠭᠣᠯᠴᠤᠳ ᠵᠣᠴᠢᠯᠠᠮᠠᠲᠠᠭᠠᠢ᠂ ᠨᠠᠶᠢᠷᠰᠠᠭ ᠠᠷᠠᠳ ᠲᠦᠮᠡᠨ ᠪᠣᠯᠬᠤ ᠶᠢ ᠳᠤᠷᠢᠳᠪᠠ᠃ ᠮᠥᠨ ᠬᠣᠶᠠᠷ ᠤᠯᠤᠰ ᠤᠨ ᠨᠡᠶᠢᠰᠯᠡᠯ ᠪᠣᠯᠬᠤ ᠤᠯᠠᠭᠠᠨᠪᠠᠭᠠᠲᠤᠷ᠂  ᠪᠠᠩᠺᠤᠺ ᠬᠣᠲᠠ ᠬᠣᠭᠣᠷᠣᠨᠳᠣ ᠡᠭᠡᠴᠢ ᠳᠡᠭᠦᠦᠰ ᠦᠨ ᠬᠠᠷᠢᠯᠴᠠᠭ᠎ᠠ ᠬᠥᠭᠵᠢᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠢᠯᠡᠷᠬᠡᠶᠢᠯᠡᠭᠡ᠃
ᠡᠯᠴᠢᠨ ᠰᠠᠶᠢᠳ ᠠ᠊ ∙ ᠲᠡᠮᠦᠷ ᠬᠣᠶᠠᠷ ᠤᠯᠤᠰ ᠤᠨ ᠬᠣᠲᠠ ᠬᠣᠭᠣᠷᠣᠨᠳᠣ ᠶᠢᠨ ᠬᠠᠷᠢᠯᠴᠠᠭ᠎ᠠ ᠪᠣᠯᠤᠨ ᠣᠷᠣᠨ ᠨᠤᠲᠤᠭ ᠤᠨ ᠬᠠᠮᠲᠤ ᠶᠢᠨ ᠠᠵᠢᠯᠯᠠᠭ᠎ᠠ ᠶᠢ ᠢᠳᠡᠪᠬᠢᠵᠢᠭᠦᠯᠬᠦ ᠳᠦ ᠠᠩᠬᠠᠷᠴᠤ᠂ ᠬᠣᠶᠠᠷ ᠤᠯᠤᠰ ᠤᠨ ᠬᠠᠷᠢᠯᠴᠠᠭ᠎ᠠ ᠶᠢ ᠴᠢᠨᠠᠭᠰᠢᠳᠠ ᠪᠦᠬᠦ ᠲᠦᠪᠰᠢᠨ ᠳᠦ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠲᠠᠯ᠎ᠠ ᠪᠠᠷ ᠬᠢᠴᠢᠶᠡᠨ ᠠᠵᠢᠯᠯᠠᠬᠤ ᠪᠣᠯᠤᠨ᠎ᠠ ᠭᠡᠪᠡ᠃

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

sss 2020-10-29 202.179.15.246

sssss