ᠮ ∙ ᠺᠯᠧᠴᠧᠰᠺᠢ《ᠰᠠᠷᠠᠯ ᠵᠢᠭᠰᠠᠭᠠᠯᠲᠠ》 ᠍ ᠠᠴᠠ ᠭᠠᠷᠤᠭᠰᠠᠨ ᠳᠤ ᠪᠠᠶᠠᠷ ᠬᠦᠷᠭᠡᠪᠡ  | News.MN

ᠮ ∙ ᠺᠯᠧᠴᠧᠰᠺᠢ《ᠰᠠᠷᠠᠯ ᠵᠢᠭᠰᠠᠭᠠᠯᠲᠠ》 ᠍ ᠠᠴᠠ ᠭᠠᠷᠤᠭᠰᠠᠨ ᠳᠤ ᠪᠠᠶᠠᠷ ᠬᠦᠷᠭᠡᠪᠡ 

ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ 10.27 ᠳᠦ ᠠᠮᠧᠷᠢᠺᠠ  ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠮ ∙ ᠺᠯᠧᠴᠧᠰᠺᠢ ᠶᠢ ᠬᠦᠯᠢᠶᠡᠨ ᠠᠪᠴᠤ ᠠᠭᠤᠯᠵᠠᠯ᠎ᠠ᠃ ᠡᠯᠴᠢᠨ ᠰᠠᠶᠢᠳ ᠮ ∙ ᠺᠯᠧᠴᠧᠰᠺᠢ᠂ ᠮᠣᠩᠭᠣᠯ ᠤᠯᠤᠰ ᠰᠠᠩᠬᠦᠦ ᠶᠢᠨ ᠬᠣᠷᠢᠭ ᠠᠷᠭ᠎ᠠ ᠬᠡᠮᠵᠢᠶ᠎ᠡ ᠠᠪᠬᠤ ᠣᠯᠠᠨ ᠤᠯᠤᠰ ᠤᠨ ᠪᠠᠶᠢᠭᠤᠯᠤᠯᠭ᠎ᠠ ᠶᠢᠨ 《ᠰᠠᠷᠠᠯ ᠵᠢᠭᠰᠠᠭᠠᠯᠲᠠ》 ᠪᠤᠶᠤ ᠮᠥᠩᠭᠥ ᠤᠬᠢᠶᠠᠬᠤ᠂ ᠲᠧᠷᠷᠣᠷᠢᠰᠮ ᠢ ᠰᠠᠩᠬᠦᠦᠵᠢᠭᠦᠯᠬᠦ ᠲᠡᠢ ᠲᠡᠮᠡᠴᠡᠬᠦ ᠰᠲᠷᠠᠲ᠋ᠧᠭᠢ ᠶᠢᠨ ᠳᠤᠲᠠᠭᠳᠠᠯ ᠲᠠᠢ ᠤᠯᠤᠰ ᠣᠷᠣᠨ ᠨᠤᠭᠤᠳ ᠤᠨ ᠵᠢᠭᠰᠠᠭᠠᠯᠲᠠ ᠠᠴᠠ ᠠᠯᠪᠠᠨ ᠶᠣᠰᠣᠭᠠᠷ ᠭᠠᠷᠤᠭᠰᠠᠨ ᠳᠤ ᠪᠠᠶᠠᠷ ᠬᠦᠷᠭᠡᠯ᠎ᠡ᠃ ᠭ ∙ ᠽᠠᠨᠳᠠᠨᠰᠢᠲᠠᠷ᠎ᠠ ᠲᠠᠯᠠᠷᠬᠠᠯ ᠢᠯᠡᠷᠬᠡᠶᠢᠯᠡᠭᠡᠳ ᠄《ᠡᠨᠡᠬᠦ ᠦᠷ᠎ᠡ  ᠳ᠋ᠦᠩ ᠳᠦ ᠬᠦᠷᠬᠦ ᠪᠢᠳᠡᠨ ᠦ ᠴᠢᠷᠮᠠᠶᠢᠯᠲᠠ ᠶᠢ ᠪᠦᠬᠦ ᠲᠠᠯ᠎ᠠ ᠪᠠᠷ ᠳᠡᠮᠵᠢᠨ ᠠᠵᠢᠯᠯᠠᠭᠰᠠᠨ ᠨᠣᠶᠠᠨ ᠡᠯᠴᠢᠨ ᠰᠠᠶᠢᠳ ᠲᠠᠨ ᠳᠤ ᠡᠨᠡ ᠳᠠᠰᠢᠷᠠᠮ ᠳᠤ ᠲᠠᠯᠠᠷᠬᠠᠯ ᠢᠯᠡᠷᠬᠡᠶᠢᠯᠡᠶ᠎ᠡ》 ᠭᠡᠯ᠎ᠡ᠃
ᠡᠯᠴᠢᠨ ᠰᠠᠶᠢᠳ ᠮ ∙ ᠺᠯᠧᠴᠧᠰᠺᠢ᠄ ᠠᠮᠧᠷᠢᠺᠠ ᠶᠢᠨ ᠺᠣᠩᠷᠧᠰᠰ  ᠤᠨ ᠰᠤᠳᠤᠯᠭᠠᠨ ᠤ ᠲᠥᠪ᠂ ᠮᠣᠩᠭᠣᠯ ᠤᠯᠤᠰ ᠤᠨ ᠶᠡᠬᠡ ᠬᠤᠷᠠᠯ ᠤᠨ ᠫᠠᠷᠯᠠᠮᠸᠨᠲ ᠤᠨ ᠰᠤᠳᠤᠯᠭᠠᠨ ᠤ ᠬᠦᠷᠢᠶᠡᠯᠡᠩ ᠦᠨ ᠬᠣᠭᠣᠷᠣᠨᠳᠣ ᠬᠠᠮᠲᠤ ᠶᠢᠨ ᠠᠵᠢᠯᠯᠠᠭ᠎ᠠ ᠪᠠᠨ ᠬᠥᠭᠵᠢᠭᠦᠯᠬᠦ ᠴᠢᠭᠯᠡᠯ ᠢᠶᠡᠷ ᠲᠠᠨ ᠤ ᠲᠠᠯᠪᠢᠭᠰᠠᠨ ᠬᠦᠰᠡᠯᠲᠡ ᠶᠢᠨ ᠳᠠᠭᠠᠤ ᠺᠣᠩᠷᠧᠰᠰ ᠤᠨ ᠰᠤᠳᠤᠯᠭᠠᠨ ᠤ ᠠᠯᠪᠠ ᠲᠠᠢ ᠬᠣᠯᠪᠣᠭᠳᠠᠭᠰᠠᠨ᠃ ᠺᠣᠩᠷᠧᠰᠰ ᠤᠨ ᠰᠤᠳᠤᠯᠭᠠᠨ ᠤ ᠲᠥᠪ ᠡᠴᠡ ᠮᠣᠩᠭᠣᠯ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠳᠡᠷᠭᠡᠳᠡᠬᠢ ᠫᠠᠷᠯᠠᠮᠸᠨᠲ  ᠤᠨ ᠰᠤᠳᠤᠯᠭᠠᠨ ᠤ ᠬᠦᠷᠢᠶᠡᠯᠡᠩ ᠲᠡᠢ ᠰᠤᠳᠤᠯᠭ᠎ᠠ᠂ ᠰᠢᠨᠵᠢᠯᠡᠭᠡᠨ ᠦ ᠴᠢᠭᠯᠡᠯ ᠢᠶᠡᠷ ᠬᠠᠮᠲᠤ ᠶᠢᠨ ᠠᠵᠢᠯᠯᠠᠭ᠎ᠠ ᠥᠷᠨᠢᠭᠦᠯᠵᠦ᠂ ᠲᠤᠷᠰᠢᠯᠭ᠎ᠠ᠂ ᠮᠡᠳᠡᠯᠭᠡ ᠪᠡᠨ ᠬᠤᠪᠢᠶᠠᠯᠴᠠᠬᠤ ᠳᠤ ᠪᠣᠯᠤᠮᠵᠢ ᠲᠠᠢ ᠬᠡᠮᠡᠨ ᠮᠡᠳᠡᠭᠳᠡᠭᠰᠡᠨ ᠢ ᠳᠤᠭᠤᠯᠭᠠᠬᠤ ᠳᠤ ᠲᠠᠭᠠᠲᠠᠢ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ