ᠳᠤᠭᠤᠢ ᠶᠢᠨ ᠫᠠᠷᠠᠳ᠋ ᠡᠨᠡ ᠰᠠᠷ᠎ᠠ ᠶᠢᠨ 31 ᠍ ᠳᠦ ᠪᠣᠯᠤᠨ᠎ᠠ  | News.MN

ᠳᠤᠭᠤᠢ ᠶᠢᠨ ᠫᠠᠷᠠᠳ᠋ ᠡᠨᠡ ᠰᠠᠷ᠎ᠠ ᠶᠢᠨ 31 ᠍ ᠳᠦ ᠪᠣᠯᠤᠨ᠎ᠠ 

ᠨᠡᠶᠢᠰᠯᠡᠯ ᠬᠣᠲᠠ ᠡᠭᠦᠰᠴᠦ ᠪᠠᠢᠭᠤᠯᠤᠭᠳᠠᠭᠰᠠᠨ ᠤ 381 ᠵᠢᠯ ᠦᠨ ᠣᠢ ᠶᠢᠨ ᠡᠳᠦᠷ ᠢ ᠲᠡᠮᠳᠡᠭᠯᠡᠨ ᠥᠩᠭᠡᠷᠡᠭᠦᠯᠬᠦ ᠠᠵᠢᠯ ᠤᠨ ᠬᠦᠷᠢᠶᠡᠨ ᠳᠦ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠨᠡᠶᠢᠰᠯᠡᠯ ᠦᠨ ᠰᠫᠣᠷᠲ ᠤᠨ ᠬᠣᠷᠢᠶ᠎ᠠ᠂ ᠮᠣᠩᠭᠣᠯ ᠤᠨ ᠳᠤᠭᠤᠢ ᠶᠢᠨ ᠬᠣᠯᠪᠣᠭ᠎ᠠ ᠬᠠᠮᠲᠤᠷᠠᠨ ᠨᠡᠶᠢᠰᠯᠡᠯ ᠦᠨ ᠵᠠᠰᠠᠭ ᠳᠠᠷᠤᠭ᠎ᠠ ᠶᠢᠨ ᠨᠡᠷᠡᠮᠵᠢᠲᠦ 《ᠳᠤᠭᠤᠢ ᠶᠢᠨ ᠡᠳᠦᠷ》 ᠍ ᠦᠨ ᠦᠢᠯᠡ ᠠᠵᠢᠯᠯᠠᠭ᠎ᠠ ᠶᠢ 2020 ᠣᠨ ᠤ ᠡᠨᠡ ᠰᠠᠷ᠎ᠠ ᠶᠢᠨ 31 ᠍ ᠦ ᠡᠳᠦᠷ ᠳᠤᠭᠤᠢ ᠶᠢᠨ ᠫᠠᠷᠠᠳ᠋ ᠲᠡᠮᠡᠴᠡᠭᠡᠨ ᠢ ᠵᠣᠬᠢᠶᠠᠨ ᠪᠠᠶᠢᠭᠤᠯᠬᠤ ᠭᠡᠵᠦ ᠪᠠᠶᠢᠨ᠎ᠠ᠃ ᠡᠨᠡ ᠦᠢᠯᠡ ᠠᠵᠢᠯᠯᠠᠭ᠎ᠠ ᠨᠢ ᠨᠡᠶᠢᠰᠯᠡᠯ ᠤᠯᠠᠭᠠᠨᠪᠠᠭᠠᠲᠤᠷ ᠬᠣᠲᠠ ᠶᠢ ᠵᠡᠭᠦᠨ ᠬᠤᠢᠳᠤ ᠠᠽᠢᠶ᠎ᠠ ᠶᠢᠨ  ᠪᠢᠽᠢᠨᠧᠰ᠂ ᠠᠶᠠᠯᠠᠯ ᠵᠢᠭᠤᠯᠴᠢᠯᠠᠯ᠂ ᠰᠤᠶᠤᠯ᠂ ᠰᠠᠩᠬᠦᠦ ᠶᠢᠨ ᠲᠥᠪ ᠪᠣᠯᠭᠠᠬᠤ᠂ ᠪᠡᠶ᠎ᠡ ᠶᠢᠨ ᠲᠠᠮᠢᠷ ᠰᠫᠣᠷᠲ ᠢ ᠬᠥᠭᠵᠢᠭᠦᠯᠵᠦ᠂ ᠢᠷᠭᠡᠳ ᠲᠦ ᠡᠷᠡᠭᠦᠯ ᠠᠵᠤ ᠲᠥᠷᠥᠬᠦ ᠳᠠᠳᠤᠯ ᠬᠡᠪᠰᠢᠯ ᠣᠯᠭᠣᠬᠤ ᠵᠣᠷᠢᠯᠲᠠ ᠶᠢᠨ ᠬᠦᠷᠢᠶᠡᠨ ᠳᠦ ᠪᠦᠬᠦ ᠨᠡᠶᠢᠲᠡ ᠶᠢᠨ ᠣᠷᠣᠯᠴᠠᠭ᠎ᠠ ᠶᠢ ᠨᠡᠮᠡᠭᠳᠡᠭᠦᠯᠬᠦ᠂ ᠢᠷᠭᠡᠳ ᠲᠦ ᠤᠨᠤᠳᠠᠭ ᠳᠤᠭᠤᠢ ᠶᠢᠨ ᠠᠴᠢ ᠬᠣᠯᠪᠣᠭᠳᠠᠯ ᠢ ᠰᠤᠷᠲᠠᠯᠴᠢᠯᠠᠨ ᠲᠠᠨᠢᠭᠤᠯᠬᠤ᠂ ᠪᠦᠬᠦ ᠨᠡᠶᠢᠲᠡ ᠶᠢᠨ ᠡᠷᠡᠭᠦᠯ ᠮᠡᠨᠳᠦ ᠶᠢ ᠰᠠᠶᠢᠵᠢᠷᠠᠭᠤᠯᠬᠤ ᠳᠤ ᠣᠨᠴᠠᠭᠠᠢ ᠠᠴᠢ ᠬᠣᠯᠪᠣᠭᠳᠠᠯ ᠲᠠᠢ ᠶᠤᠮ᠃
ᠳᠤᠭᠤᠢ ᠶᠢᠨ ᠫᠠᠷᠠᠳ᠋ ᠢ ᠦᠨᠳᠦᠰᠦᠨ ᠦ ᠴᠡᠴᠡᠷᠯᠢᠭᠲᠦ ᠬᠦᠷᠢᠶᠡᠯᠡᠩ  ᠡᠴᠡ  ᠡᠬᠢᠯᠡᠨ᠂ ᠳᠦᠩᠵᠢᠨᠭᠠᠷᠪᠣ ᠬᠤᠳᠠᠯᠳᠤᠭᠠᠨ ᠤ ᠲᠥᠪ ᠦᠨ ᠤᠷᠳᠤ ᠵᠠᠮ – ᠤᠯᠢᠶᠠᠰᠤᠲᠠᠢ ᠶᠢᠨ ᠭᠦᠭᠦᠷᠭᠡᠨ ᠦ ᠳᠤᠭᠤᠢ ᠶᠢᠨ ᠰᠢᠨ᠎ᠡ ᠵᠠᠮ – ᠮᠠᠷᠱᠠᠯ ᠤᠨ ᠭᠦᠭᠦᠷᠭᠡᠨ ᠦ ᠠᠭᠤᠯᠵᠠᠪᠤᠷᠢ – ᠦᠨᠳᠦᠰᠦᠨ ᠦ ᠴᠡᠴᠡᠷᠯᠢᠭᠲᠦ ᠬᠦᠷᠢᠶᠡᠯᠡᠩ ᠭᠡᠰᠡᠨ ᠴᠢᠭᠯᠡᠯ ᠢᠶᠡᠷ ᠵᠣᠬᠢᠶᠠᠨ ᠪᠠᠶᠢᠭᠤᠯᠤᠨ᠎ᠠ᠃

ᠰᠡᠳᠬᠢᠭᠳᠡᠯ ᠦᠯᠡᠳᠡᠭᠡᠬᠦ