ᠬᠥᠳᠡᠭᠡᠨ ᠤ ᠢᠷᠭᠡᠳ ᠢ ᠬᠣᠲᠠ ᠳᠤ ᠣᠷᠣᠭᠤᠯᠬᠤ ᠦᠭᠡᠢ ᠪᠠᠶᠢᠬᠤ ᠬᠡᠷᠡᠭᠲᠡᠢ  | News.MN

ᠬᠥᠳᠡᠭᠡᠨ ᠤ ᠢᠷᠭᠡᠳ ᠢ ᠬᠣᠲᠠ ᠳᠤ ᠣᠷᠣᠭᠤᠯᠬᠤ ᠦᠭᠡᠢ ᠪᠠᠶᠢᠬᠤ ᠬᠡᠷᠡᠭᠲᠡᠢ 

ᠨᠡᠶᠢᠰᠯᠡᠯ ᠦᠨ ᠤᠳᠤᠷᠢᠳᠬᠤ ᠠᠵᠢᠯᠲᠠᠨ ᠤ ᠰᠢᠭᠤᠷᠬᠠᠢ ᠵᠦᠪᠯᠡᠯᠭᠡᠨ ᠥᠨᠥᠳᠥᠷ ᠪᠣᠯᠤᠯ᠎ᠠ᠃ ᠵᠦᠪᠯᠡᠯᠭᠡᠨ ᠦ ᠦᠶ᠎ᠡ ᠪᠡᠷ ᠨᠡᠶᠢᠰᠯᠡᠯ ᠦᠨ ᠵᠠᠰᠠᠭ ᠳᠠᠷᠤᠭ᠎ᠠ ᠳ ∙ ᠰᠤᠮᠢᠶᠠᠪᠠᠽᠠᠷ᠄ ᠲᠦᠭᠵᠢᠷᠡᠯ ᠢ ᠪᠦᠭᠦᠳᠡ ᠮᠡᠳᠡᠵᠦ ᠪᠠᠶᠢᠭ᠎ᠠ᠃ ᠬᠡᠴᠢᠨᠡᠨ ᠢᠷᠭᠡᠨ ᠬᠥᠳᠡᠭᠡᠨ ᠡᠴᠡ ᠢᠷᠡᠵᠦ᠂ ᠬᠠᠯᠲᠤᠭᠤᠷ ᠬᠢᠵᠦ ᠪᠠᠶᠢᠨ᠎ᠠ ᠪᠤᠢ ᠭᠡᠰᠡᠨ ᠲᠣᠭ᠎ᠠ ᠬᠡᠷᠡᠭᠲᠡᠢ ᠪᠠᠶᠢᠨ᠎ᠠ᠃ ᠡᠭᠦᠨ ᠦ ᠠᠷᠤ ᠳᠤ ᠲᠠᠲᠠᠪᠤᠷᠢ ᠲᠥᠯᠥᠬᠦ ᠦᠭᠡᠢ ᠪᠠᠶᠢᠬᠤ᠂ ᠭᠡᠮᠲᠦ ᠬᠡᠷᠡᠭ ᠭᠠᠷᠬᠤ ᠭᠡᠰᠡᠨ ᠨᠥᠬᠥᠴᠡᠯ ᠪᠥᠷᠢᠳᠴᠦ ᠪᠠᠶᠢᠨ᠎ᠠ᠃ ᠬᠣᠲᠠ ᠶᠢᠨ ᠢᠷᠭᠡᠳ ᠲᠦ ᠠᠵᠢᠯ ᠬᠢᠬᠦ ᠪᠣᠯᠤᠮᠵᠢ ᠶᠢ ᠣᠯᠭᠤ᠃ ᠤᠯᠠᠭᠠᠨᠪᠠᠭᠠᠲᠤᠷ ᠴᠢᠨᠢ 21 ᠍ ᠳᠦᠭᠡᠷ ᠵᠠᠭᠤᠨ ᠤ ᠬᠣᠲᠠ᠃ ᠬᠥᠳᠡᠭᠡᠨ ᠡᠴᠡ ᠣᠷᠣᠵᠤ ᠢᠷᠡᠵᠦ ᠬᠠᠯᠲᠤᠭᠤᠷ ᠬᠢᠳᠡᠭ ᠢᠷᠭᠡᠳ ᠢ ᠬᠣᠲᠠ ᠳᠤ ᠣᠷᠣᠭᠤᠯᠬᠤ ᠦᠭᠡᠢ ᠪᠠᠶᠢᠬᠤ ᠬᠡᠷᠡᠭᠲᠡᠢ᠃
ᠭᠡᠮᠲᠦ ᠬᠡᠷᠡᠭ᠂ ᠬᠤᠯᠠᠭᠠᠢ ᠳᠡᠭᠡᠷᠡᠮ ᠬᠢᠨᠠᠯᠲᠠ ᠦᠭᠡᠢ ᠪᠠᠶᠢᠳᠠᠯ ᠠᠴᠠ ᠡᠭᠦᠳᠴᠦ ᠪᠠᠶᠢᠨ᠎ᠠ᠃ ᠵᠠᠮ ᠲᠡᠭᠡᠭᠡᠪᠦᠷᠢ ᠶᠢᠨ ᠰᠠᠯᠪᠤᠷᠢ ᠳᠡᠭᠡᠷ᠎ᠡ ᠯᠠ ᠭᠡᠬᠦ ᠳᠦ ᠭᠤᠷᠪᠠᠨ ᠥᠭᠡᠷ᠎ᠡ ᠪᠣᠳᠣᠯᠭ᠎ᠠ ᠶᠠᠪᠤᠵᠤ ᠪᠠᠶᠢᠨ᠎ᠠ᠃ ᠬᠣᠲᠠ ᠶᠢᠨ ᠲᠦᠭᠵᠢᠷᠡᠯ ᠨᠡᠶᠢᠲᠡ ᠶᠢᠨ ᠲᠡᠭᠡᠭᠡᠪᠦᠷᠢ ᠲᠡᠢ ᠬᠣᠯᠪᠣᠭ᠎ᠠ ᠲᠠᠢ ᠪᠣᠳᠣᠯᠭ᠎ᠠ ᠥᠭᠡᠷ᠎ᠡ ᠲᠦᠪᠰᠢᠨ ᠳᠦ ᠭᠠᠷᠬᠤ ᠶᠣᠰᠣᠲᠠᠢ᠃ ᠬᠤᠲᠠ ᠳᠤ ᠨᠢᠭᠡᠳᠦᠭᠰᠡᠨ ᠪᠣᠳᠣᠯᠭ᠎ᠠ ᠠᠯᠠᠭ᠎ᠠ᠃ ᠰᠤᠳᠤᠯᠭ᠎ᠠ ᠬᠡᠷᠡᠭᠵᠢᠯᠲᠡ ᠲᠥᠯᠥᠪᠯᠡᠯᠲᠡ ᠨᠢ ᠪᠦᠭᠦᠳᠡ ᠲᠤᠰ ᠲᠤ ᠪᠠᠨ᠃ ᠡᠨᠡ ᠵᠢᠱᠢᠭ ᠢᠶᠡᠷ ᠤᠯᠠᠭᠠᠨᠪᠠᠭᠠᠲᠤᠷ ᠬᠣᠲᠠ ᠶᠢ ᠢᠷᠡᠬᠦ ᠳᠥᠷᠪᠡᠨ ᠵᠢᠯ ᠳᠦ ᠤᠳᠤᠷᠢᠳᠴᠤ ᠰᠠᠶᠢᠨ ᠵᠦᠢᠯ ᠳᠦ ᠬᠦᠷᠭᠡᠨ᠎ᠡ ᠭᠡᠳᠡᠭ ᠬᠡᠴᠡᠭᠦᠦ᠃ ᠲᠡᠶᠢᠮᠦ ᠡᠴᠡ ᠠᠷᠭ᠎ᠠ ᠪᠠᠷᠢᠯ ᠢᠶᠠᠨ ᠥᠭᠡᠷᠡᠴᠢᠯᠡᠬᠦ ᠴᠠᠭ ᠨᠢ ᠪᠣᠯᠤᠭᠰᠠᠨ ᠭᠡᠯ᠎ᠡ᠃

ᠰᠡᠳᠬᠢᠭᠳᠡᠯ ᠦᠯᠡᠳᠡᠭᠡᠬᠦ