ᠤᠷᠠᠨ ᠪᠦᠲᠦᠭᠡᠯᠴᠢᠳ ᠦᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠤᠷᠠᠨ ᠪᠦᠲᠦᠭᠡᠯᠴᠢ ᠰᠡᠳᠬᠢᠯᠭᠡ ᠶᠢ ᠬᠥᠭᠵᠢᠭᠦᠯᠬᠦ᠂ ᠲᠢᠶᠠᠲ᠋ᠷ ᠤᠨ ᠤᠷ᠎ᠠ ᠶᠢᠨ ᠰᠠᠩ ᠤᠨ ᠪᠦᠲᠦᠭᠡᠯ ᠢ ᠪᠠᠶᠠᠵᠢᠭᠤᠯᠬᠤ ᠵᠣᠷᠢᠯᠭ᠎ᠠ ᠪᠦᠬᠦᠢ ᠤᠷᠠᠨ ᠪᠦᠲᠦᠭᠡᠯᠴᠢᠳ ᠦᠨ ᠭᠣᠴᠣᠯᠠᠯ ᠪᠦᠲᠦᠭᠡᠯ ᠦᠨ ᠤᠷᠤᠯᠳᠤᠭᠠᠨ ᠰᠦᠬᠡᠪᠠᠭᠠᠲᠤᠷ ᠠᠢᠮᠠᠭ ᠲᠤ ᠪᠣᠯᠤᠯ᠎ᠠ᠃ ᠤᠷᠠᠨ ᠪᠦᠲᠦᠭᠡᠯᠴᠢᠳ ᠦᠨ ᠳᠤᠮᠳᠠᠬᠢ ᠭᠣᠴᠣᠯᠠᠯ ᠪᠦᠲᠦᠭᠡᠯ ᠦᠨ ᠤᠷᠤᠯᠳᠤᠭᠠᠨ ᠨᠢ ᠲᠢᠶᠠᠲ᠋ᠷ ᠤᠨ ᠤᠯᠠᠮᠵᠢᠯᠠᠯᠲᠤ ᠠᠵᠢᠯ ᠪᠣᠯᠪᠠᠴᠤ ᠵᠠᠷᠢᠮ ᠵᠢᠯ ᠲᠣᠳᠣᠷᠬᠠᠢ ᠰᠢᠯᠲᠠᠭᠠᠨ ᠤ ᠤᠯᠠᠮ ᠠᠴᠠ ᠵᠠᠪᠰᠠᠷᠳᠠᠭᠠᠳ ᠪᠠᠶᠢᠭᠰᠠᠨ᠃ ᠬᠠᠷᠢᠨ ᠥᠩᠭᠡᠷᠡᠭᠰᠡᠨ ᠵᠢᠯ ᠡᠴᠡ ᠡᠬᠢᠯᠡᠨ ᠳᠠᠬᠢᠨ ᠵᠣᠬᠢᠶᠠᠨ ᠪᠠᠶᠢᠭᠤᠯᠵᠤ ᠡᠬᠢᠯᠡᠭᠰᠡᠨ᠃ 2019 ᠣᠨ ᠳᠤ ᠴᠥᠭᠡᠭᠦᠯᠡ ᠶᠢᠨ ᠪᠦᠲᠦᠭᠡᠯ ᠢᠶᠡᠷ ᠪᠣᠯᠵᠤ ᠪᠠᠶᠢᠭᠰᠠᠨ ᠪᠣᠯ ᠡᠨᠡ ᠤᠳᠠᠭ᠎ᠠ ᠳᠤ ᠭᠣᠴᠣᠯᠠᠯ ᠲᠥᠷᠥᠯ ᠢᠶᠡᠷ ᠪᠣᠯᠵᠤ ᠪᠠᠶᠢᠨ᠎ᠠ᠃ ᠤᠷᠠᠨ ᠪᠦᠲᠦᠭᠡᠯᠴᠢᠳ ᠮᠠᠰᠢ ᠶᠡᠬᠡ ᠠᠴᠢ ᠬᠣᠯᠪᠣᠭᠳᠠᠯ ᠥᠭᠭᠦᠭᠰᠡᠨ ᠡᠴᠡ ᠭᠠᠳᠠᠨ᠎ᠠ ᠵᠢᠯ ᠡᠴᠡ ᠵᠢᠯ ᠳᠦ ᠲᠡᠳᠡᠨ ᠦ ᠤᠷ᠎ᠠ ᠴᠢᠳᠠᠪᠤᠷᠢ ᠠᠬᠢᠵᠤ ᠪᠠᠶᠢᠭ᠎ᠠ ᠶᠢ ᠬᠠᠷᠠᠬᠤ ᠳᠤ ᠲᠠᠭᠠᠲᠠᠢ ᠪᠠᠶᠢᠨ᠎ᠠ ᠭᠡᠵᠦ ︽ᠵᠢᠭᠠᠬᠠᠨ ᠰᠢᠷᠭ᠎ᠠ︾ ᠲᠢᠶᠠᠲ᠋ᠷ ᠤᠨ ᠳᠠᠷᠤᠭ᠎ᠠ ᠭ ∙ ᠪᠠᠶᠠᠷᠴᠤᠭᠲᠤ ᠬᠡᠯᠡᠯ᠎ᠡ᠃
ᠲᠤᠰ ᠲᠢᠶᠠᠲ᠋ᠷ ᠨᠢ ᠳᠠᠭᠤᠤ᠂ ᠪᠦᠵᠢᠭ᠂ ᠬᠥᠭᠵᠢᠮ᠂ ᠳ᠋ᠷᠡᠮ ᠭᠡᠰᠡᠨ ᠳᠥᠷᠪᠡᠨ ᠠᠩᠬᠢ ᠶᠢᠨ 40 ᠣᠷᠴᠢᠮ ᠤᠷᠠᠨ ᠪᠦᠲᠦᠭᠡᠯᠴᠢ ᠲᠡᠢ᠃ ᠡᠳᠡᠭᠡᠷ ᠡᠴᠡ 34 ᠤᠷᠠᠨ ᠪᠦᠲᠦᠭᠡᠯᠴᠢ ᠡᠨᠡ ᠤᠳᠠᠭ᠎ᠠ ᠶᠢᠨ ᠤᠷᠤᠯᠳᠤᠭᠠᠨ ᠳᠤ ᠣᠷᠣᠯᠴᠠᠵᠤ ᠪᠠᠶᠢᠨ᠎ᠠ᠃ ᠬᠦᠮᠦᠨ ᠪᠦᠷᠢ ᠴᠣ ᠰᠢᠨ᠎ᠡ ᠤᠷᠠᠨ ᠪᠦᠲᠦᠭᠡᠯ ᠢ ᠲᠠᠶᠢᠰᠠᠨ᠎ᠠ ᠲᠠᠯᠪᠢᠵᠤ ᠪᠠᠶᠢᠭ᠎ᠠ ᠪᠠᠷ ᠢᠶᠠᠨ ᠣᠨᠴᠠᠯᠢᠭ᠃ ᠤᠯᠠᠮ ᠢᠶᠠᠷ ᠤᠷᠤᠯᠳᠤᠭᠠᠨ ᠤ ᠰᠢᠯᠢᠳᠡᠭ ᠪᠦᠲᠦᠭᠡᠯ ᠦᠳ ᠢᠶᠡᠷ 11 ᠳ᠋ᠤᠭᠡᠷ ᠰᠠᠷ᠎ᠠ ᠳᠤ ᠲᠣᠭᠯᠠᠯᠲᠠ ᠵᠣᠬᠢᠶᠠᠨ ᠪᠠᠶᠢᠭᠤᠯᠬᠤ ᠪᠠᠷ ᠲᠥᠯᠥᠪᠯᠡᠵᠡᠢ᠃