ᠣᠯᠠᠨ ᠤᠯᠤᠰ ᠤᠨ ᠫᠠᠷᠯᠠᠮᠸᠨᠲ ᠤᠨ ᠬᠤᠯᠪᠤᠭᠠᠨ ᠤ ᠴᠠᠬᠢᠮ ᠬᠤᠷᠠᠯᠳᠤᠭᠠᠨ ᠡᠬᠢᠯᠡᠯ᠎ᠡ  | News.MN

ᠣᠯᠠᠨ ᠤᠯᠤᠰ ᠤᠨ ᠫᠠᠷᠯᠠᠮᠸᠨᠲ ᠤᠨ ᠬᠤᠯᠪᠤᠭᠠᠨ ᠤ ᠴᠠᠬᠢᠮ ᠬᠤᠷᠠᠯᠳᠤᠭᠠᠨ ᠡᠬᠢᠯᠡᠯ᠎ᠡ 

ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠤᠳᠤᠷᠢᠳᠬᠤ ᠵᠥᠪᠯᠡᠯ ᠦᠨ 206 ᠳ᠋ᠤᠭᠠᠷ ᠡᠭᠡᠯᠵᠢᠲᠦ ᠪᠤᠰᠤ ᠴᠠᠬᠢᠮ ᠬᠤᠷᠠᠯᠳᠤᠭᠠᠨ ᠥᠴᠥᠭᠡᠳᠦᠷ ᠡᠬᠢᠯᠡᠯ᠎ᠡ᠃ ᠳᠥᠷᠪᠡᠨ ᠡᠳᠦᠷ ᠦᠨ ᠲᠤᠷᠰᠢ ᠦᠷᠭᠦᠯᠵᠢᠯᠡᠬᠦ ᠤᠭ ᠬᠤᠷᠠᠯᠳᠤᠭᠠᠨ ᠢᠶᠠᠷ ᠣᠯᠠᠨ ᠤᠯᠤᠰ ᠤᠨ ᠫᠠᠷᠯᠠᠮᠸᠨᠲ ᠤᠨ ᠬᠣᠯᠪᠣᠭᠠᠨ ᠤ ᠶᠡᠷᠦᠩᠬᠡᠶᠢᠯᠡᠭᠴᠢ ᠪᠣᠯᠤᠨ ᠭᠦᠢᠴᠡᠳᠭᠡᠬᠦ ᠬᠣᠷᠢᠶᠠᠨ ᠤ ᠬᠣᠶᠠᠷ ᠭᠡᠰᠢᠭᠦᠨ ᠢ ᠰᠢᠨ᠎ᠡ ᠪᠡᠷ ᠰᠤᠩᠭᠤᠬᠤ᠂ ᠤᠳᠤᠷᠢᠳᠬᠤ ᠵᠥᠪᠯᠡᠯ ᠦᠨ 205 ᠳ᠋ᠤᠭᠠᠷ ᠬᠤᠷᠠᠯᠳᠤᠭᠠᠨ ᠤ ᠲᠠᠢᠯᠤᠨ ᠢ ᠪᠠᠲᠤᠯᠠᠬᠤ᠂ ᠫᠠᠷᠯᠠᠮᠸᠨᠲᠴᠢᠳ ᠤᠨ ᠬᠦᠮᠦᠨ ᠦ ᠡᠷᠬᠡ ᠶᠢᠨ ᠬᠣᠷᠢᠶᠠᠨ ᠤ ᠢᠯᠡᠳᠬᠡᠯ ᠢ ᠰᠤᠨᠤᠰᠬᠤ᠂ ᠣᠯᠠᠨ ᠤᠯᠤᠰ ᠤᠨ ᠫᠠᠷᠯᠠᠮᠸᠨᠲ ᠤᠨ ᠬᠤᠯᠪᠤᠭᠠᠨ ᠤ 2021 ᠣᠨ ᠤ ᠠᠵᠢᠯ ᠤᠨ ᠬᠥᠲᠥᠯᠪᠦᠷᠢ ᠶᠢ ᠪᠠᠲᠤᠯᠠᠬᠤ ᠵᠡᠷᠭᠡ ᠪᠤᠰᠤᠳ ᠠᠰᠠᠭᠤᠳᠠᠯ ᠢ ᠬᠡᠯᠡᠯᠴᠡᠬᠦ ᠶᠤᠮ᠃

ᠴᠠᠬᠢᠮ ᠬᠤᠷᠠᠯᠳᠤᠭᠠᠨ ᠳᠤ ᠮᠣᠩᠭᠣᠯ ᠤᠯᠤᠰ ᠤᠨ ᠶᠡᠬᠡ ᠬᠤᠷᠠᠯ ᠢ ᠲᠥᠯᠦᠭᠡᠯᠡᠵᠦ᠂ ᠤᠯᠤᠰ ᠤᠨ ᠶᠡᠬᠡ ᠬᠤᠷᠠᠯ ᠤᠨ ᠭᠡᠰᠢᠭᠦᠨ᠂ ᠣᠯᠠᠨ ᠤᠯᠤᠰ ᠤᠨ ᠫᠠᠷᠯᠠᠮᠸᠨᠲ  ᠤᠨ  ᠬᠤᠯᠪᠤᠭᠠᠨ ᠤ ᠠᠷᠠᠳᠴᠢᠯᠠᠯ᠂ ᠬᠦᠮᠦᠨ ᠦ ᠡᠷᠬᠡ ᠶᠢᠨ ᠬᠣᠷᠢᠶᠠᠨ ᠤ ᠤᠳᠤᠷᠢᠳᠬᠤ ᠲᠣᠪᠴᠢᠶᠠᠨ ᠤ ᠭᠡᠰᠢᠭᠦᠨ ᠪ ∙ ᠰᠠᠷᠠᠨᠴᠢᠮᠡᠭ᠂ ᠤᠯᠤᠰ ᠤᠨ ᠶᠡᠬᠡ ᠬᠤᠷᠠᠯ ᠤᠨ ᠭᠡᠰᠢᠭᠦᠨ ᠳ ∙ᠴᠣᠭᠲᠤᠪᠠᠭᠠᠲᠤᠷ᠂ ᠴ∙ᠤᠨᠳᠤᠷᠮ᠎ᠠ ᠨᠠᠷ ᠣᠷᠣᠯᠴᠠᠵᠤ ᠪᠠᠶᠢᠨ᠎ᠠ᠃ ᠮᠠᠨ ᠤ ᠤᠯᠤᠰ ᠣᠯᠠᠨ ᠤᠯᠤᠰ ᠤᠨ ᠫᠠᠷᠯᠠᠮᠸᠨᠲ  ᠤᠨ ᠬᠣᠯᠪᠣᠭ᠎ᠠ ᠳᠦ 1962 ᠣᠨ ᠳᠤ ᠡᠯᠰᠡᠵᠦ᠂ ᠦᠢᠯᠡ ᠠᠵᠢᠯᠯᠠᠭᠠᠨ ᠳᠤ ᠨᠢ ᠢᠳᠡᠪᠬᠢᠲᠡᠢ ᠣᠷᠣᠯᠴᠠᠭᠰᠠᠭᠠᠷ ᠢᠷᠡᠭᠰᠡᠨ ᠪᠢᠯᠡ᠃

ᠰᠡᠳᠬᠢᠭᠳᠡᠯ ᠦᠯᠡᠳᠡᠭᠡᠬᠦ