《ᠤᠯᠠᠭᠠᠨᠪᠠᠭᠠᠲᠤᠷ ᠤᠨ ᠦᠢᠯᠡ ᠶᠠᠪᠤᠴᠠ》ᠬᠤᠷᠠᠯ ᠢᠶᠠᠨ ᠵᠣᠬᠢᠶᠠᠨ ᠪᠠᠶᠢᠭᠤᠯᠤᠯ᠎ᠠ  | News.MN

《ᠤᠯᠠᠭᠠᠨᠪᠠᠭᠠᠲᠤᠷ ᠤᠨ ᠦᠢᠯᠡ ᠶᠠᠪᠤᠴᠠ》ᠬᠤᠷᠠᠯ ᠢᠶᠠᠨ ᠵᠣᠬᠢᠶᠠᠨ ᠪᠠᠶᠢᠭᠤᠯᠤᠯ᠎ᠠ 

《ᠵᠡᠭᠦᠨ ᠬᠤᠢᠳᠤ ᠠᠽᠢᠶ᠎ᠠ ᠶᠢᠨ ᠡᠩᠬᠡ ᠲᠠᠶᠢᠪᠤᠩ᠂  ᠠᠶᠤᠯᠭᠦᠢ ᠪᠠᠶᠢᠳᠠᠯ ᠤᠨ ᠲᠥᠯᠦᠭᠡᠬᠢ》ᠲᠥᠷᠥ ᠶᠢᠨ ᠪᠤᠰᠤ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭᠠᠨ ᠤ ᠮᠧᠬᠠᠨᠢᠰᠮ ᠪᠣᠯᠬᠤ《ᠤᠯᠠᠭᠠᠨᠪᠠᠭᠠᠲᠤᠷ ᠤᠨ ᠦᠢᠯᠡ ᠶᠠᠪᠤᠴᠠ》︵Ulaanbaatar Process︶ ᠶᠢᠨ ᠡᠭᠡᠯᠵᠢᠲᠦ ᠬᠤᠷᠠᠯ ᠥᠨᠥᠳᠥᠷ ᠴᠠᠬᠢᠮ ᠬᠡᠯᠪᠡᠷᠢ ᠪᠡᠷ ᠪᠣᠯᠤᠯ᠎ᠠ᠃ ᠠᠭᠤᠯᠵᠠᠯᠲᠠ ᠪᠠᠷ ᠪᠥᠰᠡ ᠨᠤᠲᠤᠭ ᠤᠨ ᠠᠶᠤᠯᠭᠦᠢ ᠪᠠᠶᠢᠳᠠᠯ᠂ ᠰᠣᠯᠣᠩᠭᠣᠰ ᠤᠨ ᠬᠣᠶᠢᠭ ᠤᠨ ᠪᠠᠶᠢᠳᠠᠯ ᠲᠥᠯᠥᠪ᠂ ᠮᠥᠨ COVID-19 ᠶᠢᠨ ᠴᠠᠷ᠎ᠠ ᠲᠠᠬᠤᠯ ᠭᠡᠰᠢᠭᠦᠨ ᠣᠷᠣᠨ ᠨᠤᠭᠤᠳ ᠤᠨ ᠳᠣᠲᠣᠭᠠᠳᠤ ᠪᠠᠶᠢᠳᠠᠯ ᠪᠣᠯᠤᠨ ᠪᠥᠰᠡ ᠨᠤᠲᠤᠭ ᠤᠨ ᠠᠶᠤᠯᠭᠦᠢ ᠪᠠᠶᠢᠳᠠᠯ ᠳᠤ ᠬᠡᠷᠬᠢᠨ ᠨᠥᠯᠦᠭᠡᠯᠡᠵᠦ ᠪᠤᠢ ᠲᠠᠯ᠎ᠠ ᠪᠠᠷ ᠣᠷᠣᠯᠴᠠᠭᠴᠢ ᠪᠠᠶᠢᠭᠤᠯᠤᠯᠭ᠎ᠠ ᠨᠤᠭᠤᠳ ᠤᠨ ᠲᠥᠯᠥᠭᠡᠯᠡᠭᠴᠢᠳ ᠬᠠᠷᠢᠯᠴᠠᠨ ᠮᠡᠳᠡᠭᠡᠯᠡᠵᠦ᠂ 2020 ᠣᠨ ᠳᠤ ᠬᠢᠭᠰᠡᠨ ᠠᠵᠢᠯ᠂ ᠣᠯᠤᠭᠰᠠᠨ ᠠᠮᠵᠢᠯᠲᠠ᠂ ᠲᠤᠯᠭᠠᠷᠠᠵᠤ ᠪᠤᠢ ᠰᠣᠷᠢᠯᠲᠠ ᠪᠡᠷᠬᠡᠰᠢᠶᠡᠯ ᠦᠨ ᠲᠠᠯ᠎ᠠ ᠪᠠᠷ ᠲᠠᠨᠢᠯᠴᠠᠭᠤᠯᠪᠠ᠃
《ᠴᠡᠩᠬᠡᠷ ᠰᠦᠯᠳᠡ》ᠲᠥᠷᠥ ᠶᠢᠨ ᠪᠤᠰᠤ ᠪᠠᠶᠢᠭᠤᠯᠤᠯᠭ᠎ᠠ ᠶᠢᠨ ᠲᠥᠯᠥᠭᠡᠯᠡᠭᠴᠢ ᠲᠤᠰ ᠪᠠᠶᠢᠭᠤᠯᠤᠯᠭ᠎ᠠ ᠠᠴᠠ ᠬᠡᠷᠡᠭᠵᠢᠭᠦᠯᠦᠭᠰᠡᠨ ᠠᠵᠢᠯ ᠢ ᠲᠠᠨᠢᠯᠴᠠᠭᠤᠯᠤᠭᠰᠠᠨ ᠤ ᠳᠡᠭᠡᠷ᠎ᠡ ᠮᠣᠩᠭᠣᠯ ᠤᠯᠤᠰ ᠴᠠᠷ᠎ᠠ ᠲᠠᠬᠤᠯ ᠲᠠᠢ ᠠᠮᠵᠢᠯᠲᠠ ᠲᠠᠢ ᠲᠡᠮᠡᠴᠡᠵᠦ ᠪᠠᠶᠢᠭ᠎ᠠ ᠲᠠᠯ᠎ᠠ ᠪᠠᠷ ᠲᠣᠳᠣᠷᠬᠠᠢ ᠮᠡᠳᠡᠭᠡᠯᠡᠯ ᠥᠭᠭᠦᠯ᠎ᠡ᠃ ᠬᠤᠢᠳᠤ ᠰᠣᠯᠣᠩᠭᠣᠰ ᠤᠨ ᠦᠨᠳᠦᠰᠦᠨ ᠦ ᠡᠩᠬᠡ ᠲᠠᠶᠢᠪᠤᠩ ᠤᠨ ᠬᠣᠷᠢᠶ᠎ᠠ ᠢᠯᠡᠭᠡᠯᠲᠡ ᠢᠷᠡᠭᠦᠯᠵᠦ᠂ ᠬᠤᠷᠠᠯ ᠳᠤ ᠰᠢᠭᠤᠳ ᠤᠷᠤᠯᠴᠠᠬᠤ ᠪᠣᠯᠤᠮᠵᠢ ᠦᠭᠡᠢ ᠪᠠᠶᠢᠭ᠎ᠠ ᠳᠤ ᠪᠠᠨ ᠬᠦᠯᠢᠴᠡᠯ ᠦᠴᠢᠵᠦ᠂ ᠬᠣᠷᠢᠶᠠᠨ ᠤ ᠪᠠᠨ ᠦᠢᠯᠡ ᠠᠵᠢᠯᠯᠠᠭᠠᠨ ᠤ ᠲᠠᠯ᠎ᠠ ᠪᠠᠷ ᠮᠡᠳᠡᠭᠡᠯᠡᠯ ᠬᠢᠪᠡ᠃ ᠠᠮᠧᠷᠢᠺᠠ ᠶᠢᠨ ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠦᠷ᠎ᠡ ᠳ᠋ᠦᠩ ᠳᠦ ᠲᠤᠬᠠᠢ ᠶᠢᠨ ᠤᠯᠤᠰ ᠠᠴᠠ ᠵᠡᠭᠦᠨ  ᠬᠤᠢᠳᠤ ᠠᠽᠢᠶ᠎ᠠ ᠳᠤ ᠶᠠᠪᠤᠭᠤᠯᠬᠤ ᠪᠣᠳᠣᠯᠭ᠎ᠠ ᠳᠤ ᠨᠢ ᠵᠠᠷᠢᠮ ᠥᠭᠡᠷᠡᠴᠢᠯᠡᠯᠲᠡ ᠭᠠᠷᠴᠤ ᠪᠣᠯᠵᠣᠰᠢ ᠦᠭᠡᠢ ᠶᠢ ᠬᠠᠷᠠᠭᠠᠯᠵᠠᠨ ᠦᠵᠡᠭᠰᠡᠨ ᠦ ᠦᠨᠳᠦᠰᠦᠨ ᠳᠡᠭᠡᠷ᠎ᠡ《ᠤᠯᠠᠭᠠᠨᠪᠠᠭᠠᠲᠤᠷ ᠤᠨ ᠦᠢᠯᠡ ᠶᠠᠪᠤᠴᠠ》 ᠶᠢᠨ ᠬᠤᠷᠠᠯ ᠢ ᠡᠨᠡ ᠣᠨ ᠤ 11 ᠳ᠋ᠤᠭᠡᠷ ᠰᠠᠷ᠎ᠠ ᠳᠤ ᠪᠠᠭᠲᠠᠭᠠᠨ ᠰᠡᠷᠭᠦᠭᠡᠨ ᠵᠣᠬᠢᠶᠠᠨ ᠪᠠᠶᠢᠭᠤᠯᠵᠤ᠂ ᠡᠭᠦᠰᠴᠦ ᠪᠣᠯᠬᠤ ᠨᠥᠬᠥᠴᠡᠯ ᠪᠠᠶᠢᠳᠠᠯ ᠳᠤ ᠳ᠋ᠦᠩ ᠰᠢᠨᠵᠢᠯᠡᠭᠡᠨ ᠬᠢᠵᠦ᠂ 2021 ᠣᠨ ᠤ ᠠᠵᠢᠯ ᠢᠶᠠᠨ ᠬᠠᠮᠲᠤᠷᠠᠨ ᠲᠥᠯᠥᠪᠯᠡᠬᠦ ᠪᠡᠷ ᠲᠣᠬᠢᠷᠠᠯᠴᠠᠯ᠎ᠠ᠃ ᠴᠠᠬᠢᠮ ᠬᠤᠷᠠᠯ ᠳᠤ ᠮᠣᠩᠭᠣᠯ ᠤᠯᠤᠰ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ᠂ ᠶᠠᠫᠣᠨ ᠪᠣᠯᠤᠨ ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠪᠤᠰᠤ ᠪᠠᠶᠢᠭᠤᠯᠤᠯᠭ᠎ᠠ ᠶᠢᠨ ᠲᠥᠯᠥᠭᠡᠯᠡᠭᠴᠢᠳ᠂ ᠮᠥᠨ 4 ᠪᠠᠶᠢᠭᠤᠯᠤᠯᠭ᠎ᠠ ᠶᠢᠨ ᠠᠵᠢᠭᠯᠠᠭᠴᠢ ᠤᠷᠤᠯᠴᠠᠪᠠ᠃

 

ᠰᠡᠳᠬᠢᠭᠳᠡᠯ ᠦᠯᠡᠳᠡᠭᠡᠬᠦ