ᠠᠮᠧᠷᠢᠺᠠ ᠶᠢᠨ ᠰᠣᠩᠭᠣᠭᠤᠯᠢ ᠶᠢᠨ ᠳ᠋ᠦᠩ ᠮᠣᠩᠭᠣᠯ ᠳᠦ ᠨᠥᠯᠥᠭᠡᠯᠡᠬᠦ ᠦᠭᠡᠢ  | News.MN

ᠠᠮᠧᠷᠢᠺᠠ ᠶᠢᠨ ᠰᠣᠩᠭᠣᠭᠤᠯᠢ ᠶᠢᠨ ᠳ᠋ᠦᠩ ᠮᠣᠩᠭᠣᠯ ᠳᠦ ᠨᠥᠯᠥᠭᠡᠯᠡᠬᠦ ᠦᠭᠡᠢ 

ᠠᠮᠧᠷᠢᠺᠠ ᠶᠢᠨ ᠰᠣᠩᠭᠣᠭᠤᠯᠢ ᠶᠢᠨ ᠶᠠᠪᠤᠴᠠ ᠶᠢ ᠬᠥᠨᠳᠡᠯᠡᠨ ᠡᠴᠡ ᠠᠵᠢᠭᠯᠠᠬᠤ ᠬᠤᠷᠠᠯ ᠱᠠᠩᠷᠢᠯᠠ ᠵᠣᠴᠢᠳ ᠪᠠᠭᠤᠳᠠᠯ ᠳᠤ ᠪᠣᠯᠵᠤ ᠪᠠᠶᠢᠨ᠎ᠠ᠃ ᠡᠨᠡ ᠦᠶ᠎ᠡ ᠪᠡᠷ ᠮᠣᠩᠭᠣᠯ ᠤᠯᠤᠰ ᠠᠴᠠ ᠠᠮᠧᠷᠢᠺᠠ ᠶᠢᠨ ᠨᠢᠭᠡᠳᠦᠭᠰᠡᠨ ᠤᠯᠤᠰ ᠲᠤ ᠰᠠᠭᠤᠭ᠎ᠠ ᠡᠯᠴᠢᠨ ᠰᠠᠶᠢᠳ ᠶᠣ᠊ ∙ ᠣᠳᠬᠣᠨᠪᠠᠶᠠᠷ ᠪᠠᠶᠢᠷᠢ ᠰᠠᠭᠤᠷᠢ ᠪᠠᠨ ᠢᠯᠡᠷᠬᠡᠶᠢᠯᠡᠯ᠎ᠡ᠃
ᠲᠡᠷᠡ ᠪᠡᠷ᠄ ᠠᠮᠧᠷᠢᠺᠠ ᠶᠢᠨ ᠨᠢᠭᠡᠳᠦᠭᠰᠡᠨ ᠤᠯᠤᠰ ᠤᠨ ᠰᠣᠩᠭᠣᠭᠤᠯᠢ ᠶᠢᠨ ᠦᠷ᠎ᠡ ᠳ᠋ᠦᠩ ᠮᠣᠩᠭᠣᠯ ᠤᠯᠤᠰ ᠲᠤ ᠨᠥᠯᠥᠭᠡᠯᠡᠬᠦ ᠦᠭᠡᠢ᠃ ᠤᠴᠢᠷ ᠨᠢ ᠮᠠᠨ ᠤ ᠬᠣᠶᠠᠷ ᠣᠷᠣᠨ ᠤ ᠬᠠᠷᠢᠯᠴᠠᠭ᠎ᠠ ᠲᠤᠰ ᠤᠯᠤᠰ ᠤᠨ ᠳᠣᠲᠣᠭᠠᠳᠤ ᠠᠰᠠᠭᠤᠳᠠᠯ ᠲᠠᠢ ᠬᠣᠯᠪᠣᠭ᠎ᠠ ᠦᠭᠡᠢ᠃ ᠥᠩᠭᠡᠷᠡᠭᠰᠡᠨ ᠣᠨ ᠳᠤ ᠮᠠᠨ ᠤ ᠤᠯᠤᠰ ᠤᠨ ᠶᠡᠷᠦᠩᠬᠡᠶᠢᠯᠡᠭᠴᠢ ᠠᠮᠧᠷᠢᠺᠠ  ᠳᠦ ᠠᠶᠢᠯᠴᠢᠯᠠᠵᠤ ᠲᠷᠠᠮᠫ ᠲᠠᠢ ᠭᠠᠭᠴᠠᠭᠠᠷᠴᠢᠯᠠᠨ ᠠᠭᠤᠯᠵᠠᠵᠤ ᠡᠳ᠋ ᠍ ᠦᠨ ᠵᠠᠰᠠᠭ ᠤᠨ ᠬᠠᠷᠢᠯᠴᠠᠭ᠎ᠠ ᠪᠠᠨ ᠰᠠᠶᠢᠵᠢᠷᠠᠭᠤᠯᠬᠤ ᠲᠠᠯ᠎ᠠ ᠪᠠᠷ ᠶᠠᠷᠢᠯᠴᠠᠭᠰᠠᠨ᠃ ᠮᠠᠨ ᠤ ᠬᠣᠶᠠᠷ ᠣᠷᠣᠨ ᠤ ᠬᠠᠷᠢᠯᠴᠠᠭ᠎ᠠ ᠰᠡᠭᠦᠯ ᠦᠨ ᠬᠣᠶᠠᠷ ᠵᠢᠯ ᠰᠠᠶᠢᠵᠢᠷᠠᠭᠰᠠᠨ᠃ ᠠᠮᠧᠷᠢᠺᠠ  ᠳᠦ 30 ᠭᠠᠷᠤᠢ ᠮᠢᠩᠭᠠᠨ ᠮᠣᠩᠭᠣᠯ ᠢᠷᠭᠡᠨ ᠠᠵᠢᠯᠯᠠᠵᠤ ᠠᠮᠢᠳᠤᠷᠠᠳᠠᠭ᠃  ᠲᠠᠬᠤᠯ ᠠᠴᠠ ᠡᠭᠦᠳᠦᠨ ᠨᠤᠲᠤᠭ ᠪᠤᠴᠠᠬᠤ ᠢᠷᠭᠡᠳ ᠦᠨ ᠲᠣᠭ᠎ᠠ 4000 ᠭᠠᠷᠴᠤ᠂ ᠵᠢᠭᠰᠠᠭᠠᠯ ᠴᠤᠭᠯᠠᠭᠠᠨ ᠬᠢᠵᠦ ᠨᠡᠯᠢᠶᠡᠳ ᠲᠦᠪᠡᠭᠲᠡᠢ ᠪᠠᠶᠢᠳᠠᠯ ᠡᠭᠦᠰᠴᠦ ᠪᠠᠶᠢᠭᠰᠠᠨ᠃ ᠥᠨᠥᠳᠥᠷ ᠦᠨ ᠪᠠᠶᠢᠳᠠᠯ ᠢᠶᠠᠷ 1370 ᠬᠦᠮᠦᠨ ᠡᠬᠡ ᠣᠷᠣᠨ ᠳᠤ ᠪᠠᠨ ᠢᠷᠡᠬᠦ ᠬᠦᠰᠡᠯᠲᠡ ᠪᠡᠨ ᠥᠭᠭᠦᠭᠰᠡᠨ᠃ ᠬᠦᠨᠳᠦᠷᠡᠯᠲᠡᠢ ᠪᠠᠶᠢᠳᠠᠯ ᠪᠠᠭᠠᠰᠤᠭᠰᠠᠨ᠃ ᠡᠯᠴᠢᠨ ᠰᠠᠶᠢᠳ ᠤᠨ ᠶᠠᠮᠤᠨ ᠤ ᠵᠦᠭ ᠡᠴᠡ ᠢᠷᠭᠡᠳ ᠢᠶᠡᠨ ᠮᠡᠳᠡᠭᠡᠯᠡᠯ ᠢᠶᠡᠷ ᠬᠠᠩᠭᠠᠬᠤ᠂ ᠰᠠᠩᠬᠦᠦ ᠶᠢᠨ ᠳᠡᠮᠵᠢᠯᠭᠡ ᠲᠤᠰᠠᠯᠠᠮᠵᠢ ᠦᠵᠡᠭᠦᠯᠬᠦ ᠴᠢᠭᠯᠡᠯ ᠢᠶᠡᠷ ᠠᠵᠢᠯᠯᠠᠵᠤ ᠪᠠᠶᠢᠨ᠎ᠠ᠃ ᠣᠳᠣ ᠶᠢᠨ ᠵᠠᠰᠠᠭ ᠵᠠᠬᠢᠷᠭ᠎ᠠ ᠴᠠᠭᠠᠴᠢ ᠢᠷᠭᠡᠳ ᠦᠨ ᠠᠰᠠᠭᠤᠳᠠᠯ ᠳᠤ ᠬᠠᠲᠠᠭᠤ ᠪᠠᠶᠢᠷᠢ ᠰᠠᠭᠤᠷᠢ ᠲᠠᠢ ᠪᠠᠶᠢᠭ᠎ᠠ᠃ ᠡᠨᠡ ᠨᠢ ᠨᠣᠭᠣᠭᠠᠨ ᠺᠠᠷᠲ ᠡᠵᠡᠮᠰᠢᠵᠦ ᠪᠠᠶᠢᠭ᠎ᠠ ᠮᠠᠨ ᠤ ᠤᠯᠤᠰ ᠤᠨ ᠢᠷᠭᠡᠳ ᠲᠦ ᠨᠥᠯᠦᠭᠡᠯᠡᠨ᠎ᠡ᠃ ᠣᠶᠤᠲᠠᠨ ᠤ ᠸᠢᠰᠠ ᠶᠢᠨ ᠬᠤᠭᠤᠴᠠᠭ᠎ᠠ ᠬᠡᠲᠦᠷᠡᠭᠰᠡᠨ ᠵᠡᠷᠭᠡ ᠡᠴᠡ ᠡᠭᠦᠳᠴᠦ ᠨᠥᠬᠥᠴᠡᠯ ᠪᠠᠶᠢᠳᠠᠯ ᠬᠦᠨᠳᠦᠷᠡᠬᠦ ᠲᠥᠯᠥᠪᠲᠡᠢ ᠪᠠᠶᠢᠨ᠎ᠠ ᠭᠡᠵᠦ ᠶᠠᠷᠢᠯ᠎ᠠ᠃

ᠰᠡᠳᠬᠢᠭᠳᠡᠯ ᠦᠯᠡᠳᠡᠭᠡᠬᠦ