ᠴᠠᠬᠢᠮ ᠢᠶᠠᠷ ᠸᠢᠽ ᠣᠯᠭᠣᠬᠤ ᠡᠷᠬᠡ ᠵᠦᠢ ᠶᠢᠨ ᠦᠨᠳᠦᠰᠦ ᠶᠢ ᠲᠣᠭᠲᠠᠭᠠᠨ᠎ᠠ  | News.MN

ᠴᠠᠬᠢᠮ ᠢᠶᠠᠷ ᠸᠢᠽ ᠣᠯᠭᠣᠬᠤ ᠡᠷᠬᠡ ᠵᠦᠢ ᠶᠢᠨ ᠦᠨᠳᠦᠰᠦ ᠶᠢ ᠲᠣᠭᠲᠠᠭᠠᠨ᠎ᠠ 

ᠤᠯᠤᠰ ᠤᠨ ᠶᠡᠬᠡ ᠬᠤᠷᠠᠯ ᠤᠨ ᠬᠠᠤᠯᠢ ᠵᠦᠢ ᠶᠢᠨ ᠪᠠᠶᠢᠩᠭᠤ ᠶᠢᠨ ᠬᠣᠷᠢᠶᠠᠨ ᠤ ᠥᠨᠥᠳᠥᠷ ᠦᠨ ᠬᠤᠷᠠᠯᠳᠤᠭᠠᠨ ᠢᠶᠠᠷ᠂ ᠵᠠᠰᠠᠭ ᠤᠨ ᠭᠠᠵᠠᠷ ᠠᠴᠠ ᠡᠷᠭᠦᠨ ᠮᠡᠳᠡᠭᠦᠯᠦᠭᠰᠡᠨ ︽ᠭᠠᠳᠠᠭᠠᠳᠤ ᠶᠢᠨ ᠢᠷᠭᠡᠨ ᠦ ᠡᠷᠬᠡ ᠵᠦᠢ ᠶᠢᠨ ᠪᠠᠶᠢᠳᠠᠯ ᠤᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠶᠢᠨ ᠲᠥᠰᠥᠯ ᠪᠣᠯᠤᠨ ᠳᠠᠭᠠᠯᠳᠤᠭᠤᠯᠤᠨ ᠡᠷᠭᠦᠨ ᠮᠡᠳᠡᠭᠦᠯᠦᠭᠰᠡᠨ ᠬᠠᠤᠯᠢ ᠶᠢᠨ ᠲᠥᠰᠥᠯ ᠦᠳ ᠦᠨ ᠠᠩᠬᠠᠨ ᠤ ᠬᠡᠯᠡᠯᠴᠡᠭᠦᠯᠭᠡ ᠶᠢ ᠶᠠᠪᠤᠭᠤᠯᠤᠯ᠎ᠠ᠃ ᠬᠠᠤᠯᠢ ᠶᠢᠨ ᠲᠥᠰᠥᠯ ᠦᠨ ᠲᠠᠯ᠎ᠠ ᠪᠠᠷ ᠤᠯᠤᠰ ᠤᠨ ᠶᠡᠬᠡ ᠬᠤᠷᠠᠯ ᠦᠨ ᠭᠡᠰᠢᠭᠦᠨ ᠼ ∙ ᠰᠡᠷᠭᠦᠯᠡᠩ ᠲᠠᠨᠢᠯᠴᠠᠭᠤᠯᠪᠠ᠃ ᠲᠥᠰᠥᠯ ᠳᠦ ᠮᠣᠩᠭᠣᠯ ᠤᠯᠤᠰ ᠤᠨ ᠸᠢᠰᠠ ᠶᠢᠨ ᠲᠠᠯᠠᠭᠠᠷᠬᠢ ᠵᠣᠬᠢᠴᠠᠭᠤᠯᠤᠯᠲᠠ ᠶᠢ ᠪᠣᠯᠪᠠᠰᠤᠷᠠᠩᠭᠤᠢ ᠪᠣᠯᠭᠠᠬᠤ ᠴᠢᠭᠯᠡᠯ ᠢᠶᠡᠷ ᠤᠯᠤᠰ ᠤᠨ ᠬᠢᠯᠢ ᠶᠢᠨ ᠪᠣᠭᠣᠮᠲᠠ ᠳᠡᠭᠡᠷ᠎ᠡ ᠸᠢᠰᠠ ᠣᠯᠭᠣᠬᠤ᠂ ᠴᠠᠬᠢᠮ ᠸᠢᠰᠠ ᠣᠯᠭᠣᠬᠤ᠂ ᠸᠢᠰᠠ ᠶᠢᠨ ᠲᠥᠪ ᠠᠵᠢᠯᠯᠠᠭᠤᠯᠬᠤ᠂  ᠸᠢᠰᠠ ᠶᠢᠨ ᠬᠦᠴᠦᠨ ᠲᠡᠢ ᠬᠤᠭᠤᠴᠠᠭ᠎ᠠ ᠶᠢ ᠤᠷᠲᠤᠰᠬᠠᠬᠤ᠂ ᠵᠠᠷᠢᠮ ᠵᠣᠷᠢᠭᠤᠯᠤᠯᠲᠠ ᠶᠢᠨ ᠸᠢᠰᠠ ᠶᠢ ᠬᠠᠯᠠᠬᠤ ᠵᠡᠷᠭᠡ ᠮᠣᠩᠭᠣᠯ ᠤᠯᠤᠰ ᠤᠨ ᠸᠢᠰᠠ ᠶᠢ ᠣᠯᠠᠨ ᠤᠯᠤᠰ ᠤᠨ ᠵᠢᠱᠢᠭ ᠲᠦ ᠨᠡᠶᠢᠴᠡᠭᠦᠯᠬᠦ ᠴᠢᠭᠯᠡᠯ ᠦᠨ ᠵᠣᠬᠢᠴᠠᠭᠤᠯᠤᠯᠲᠠ ᠶᠢ ᠲᠤᠰᠬᠠᠭᠰᠠᠨ ᠪᠠᠶᠢᠨ᠎ᠠ᠃
ᠮᠥᠨ ᠸᠢᠰᠠ ᠶᠢ ᠵᠥᠪᠬᠡᠨ ᠬᠡᠪᠯᠡᠮᠡᠯ ᠬᠠᠭᠤᠳᠠᠰᠤ ᠪᠠᠷ ᠣᠯᠭᠤᠳᠠᠭ ᠭᠡᠬᠦ ᠣᠶᠢᠯᠠᠭᠠᠯᠲᠠ ᠶᠢ ᠥᠭᠡᠷᠡᠴᠢᠯᠡᠵᠦ᠂ ᠳᠡᠯᠡᠬᠡᠢ ᠨᠡᠶᠢᠲᠡ ᠶᠢᠨ ᠬᠠᠨᠳᠤᠯᠭ᠎ᠠ ᠳᠤ ᠨᠡᠶᠢᠴᠡᠭᠦᠯᠦᠨ ᠬᠡᠪᠯᠡᠮᠡᠯ ᠬᠠᠭᠤᠳᠠᠰᠤ ᠪᠣᠯᠤᠨ ᠴᠠᠬᠢᠮ ᠬᠡᠯᠪᠡᠷᠢ ᠪᠡᠷ ᠣᠯᠭᠤᠵᠤ ᠪᠣᠯᠬᠤ ᠡᠷᠬᠡ ᠵᠦᠢ ᠶᠢᠨ ᠦᠨᠳᠦᠰᠦ ᠶᠢ ᠲᠤᠰᠬᠠᠵᠠᠢ᠃ ᠢᠩᠭᠢᠬᠦ ᠳᠦ ᠪᠡᠨ ᠴᠠᠬᠢᠮ ᠬᠡᠯᠪᠡᠷᠢ ᠪᠡᠷ ᠸᠢᠰᠠ ᠣᠯᠭᠤᠵᠤ ᠡᠬᠢᠯᠡᠬᠦ ᠤᠷᠢᠳᠴᠢ ᠨᠥᠬᠥᠴᠡᠯ ᠢ ᠪᠤᠢ ᠪᠣᠯᠭᠠᠬᠤ᠂ ᠦᠨᠳᠦᠰᠦᠨ ᠦ  ᠠᠶᠤᠯᠭᠦᠢ ᠪᠠᠶᠢᠳᠠᠯ ᠢ ᠬᠠᠩᠭᠠᠬᠤ ᠲᠠᠯᠠᠭᠠᠷᠬᠢ ᠵᠣᠬᠢᠴᠠᠭᠤᠯᠤᠯᠲᠠ ᠶᠢ ᠬᠠᠤᠯᠢ ᠳᠤ ᠲᠤᠰᠬᠠᠬᠤ ᠱᠠᠭᠠᠷᠳᠠᠯᠭ᠎ᠠ ᠲᠠᠢ ᠪᠣᠯᠬᠤ ᠶᠢ ᠬᠠᠷᠠᠭᠠᠯᠵᠠᠨ ᠦᠵᠡᠭᠰᠡᠨ ᠪᠠᠶᠢᠨ᠎ᠠ᠃ ᠡᠨᠡ ᠵᠣᠷᠢᠯᠭ᠎ᠠ ᠪᠠᠷ ᠣᠳᠣ ᠶᠢᠨ ᠬᠠᠤᠯᠢ ᠲᠣᠭᠲᠠᠭᠠᠮᠵᠢ ᠳᠤ ᠲᠣᠳᠣᠷᠬᠠᠢ ᠲᠤᠰᠬᠠᠭ᠎ᠠ ᠦᠭᠡᠢ᠂ ᠨᠡᠩ ᠲᠡᠷᠢᠭᠦᠨ ᠳᠦ ᠠᠩᠬᠠᠷᠬᠤ ᠱᠠᠭᠠᠷᠳᠠᠯᠭ᠎ᠠ ᠲᠠᠢ ᠭᠠᠳᠠᠭᠠᠳᠤ ᠶᠢᠨ ᠢᠷᠭᠡᠳ ᠦᠨ ᠪᠦᠷᠢᠳᠬᠡᠯ᠂ ᠬᠢᠨᠠᠯᠲᠠ ᠶᠢ ᠰᠠᠶᠢᠵᠢᠷᠠᠭᠤᠯᠬᠤ ᠵᠣᠬᠢᠴᠠᠭᠤᠯᠤᠯᠲᠠ ᠶᠢ ᠰᠢᠨ᠎ᠡ ᠪᠡᠷ ᠲᠤᠰᠬᠠᠵᠠᠢ᠃ ᠲᠡᠭᠦᠨᠴᠢᠯᠡᠨ᠂ ᠮᠣᠩᠭᠣᠯ ᠤᠯᠤᠰ ᠢ ᠵᠣᠷᠢᠬᠤ ᠭᠠᠳᠠᠭᠠᠳᠤ ᠢᠷᠭᠡᠳ ᠲᠦ ᠸᠢᠰᠠ ᠶᠢᠨ ᠦᠢᠯᠡᠴᠢᠯᠡᠭᠡ ᠶᠢ ᠰᠢᠭᠤᠷᠬᠠᠢ ᠬᠦᠷᠭᠡᠬᠦ᠂ ᠬᠢᠯᠢ ᠶᠢᠨ ᠴᠢᠨᠠᠳᠤ ᠳᠤ ᠰᠠᠭᠤᠭ᠎ᠠ ᠮᠣᠩᠭᠣᠯ ᠢᠷᠭᠡᠳ ᠦᠨ ᠡᠷᠬᠡ ᠠᠰᠢᠭ ᠢ ᠬᠠᠮᠠᠭᠠᠯᠠᠬᠤ ᠶᠢᠨ ᠵᠡᠷᠭᠡ ᠸᠢᠰᠠ ᠶᠢᠨ ᠲᠥᠪ ᠪᠠᠶᠢᠭᠤᠯᠬᠤ ᠨᠢ ᠣᠨᠣᠪᠴᠢᠲᠠᠢ ᠰᠢᠢᠳᠦᠯ ᠭᠡᠵᠦ ᠦᠵᠡᠵᠦ ᠬᠠᠤᠯᠢ ᠶᠢᠨ ᠲᠥᠰᠥᠯ ᠳᠦ ᠡᠨᠡ ᠲᠠᠯ᠎ᠠ ᠪᠠᠷ ᠲᠤᠰᠬᠠᠵᠠᠢ᠃

ᠰᠡᠳᠬᠢᠭᠳᠡᠯ ᠦᠯᠡᠳᠡᠭᠡᠬᠦ