ᠣᠳᠣ ᠪᠦᠬᠦ ᠵᠦᠢᠯ ᠬᠤᠪᠢ ᠬᠦᠮᠦᠨ ᠡᠴᠡ ᠰᠢᠯᠲᠠᠭᠠᠯᠠᠨ᠎ᠠ  | News.MN

ᠣᠳᠣ ᠪᠦᠬᠦ ᠵᠦᠢᠯ ᠬᠤᠪᠢ ᠬᠦᠮᠦᠨ ᠡᠴᠡ ᠰᠢᠯᠲᠠᠭᠠᠯᠠᠨ᠎ᠠ 

《ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ ᠬᠤᠷᠠᠯᠳᠤᠭᠠᠨ ᠥᠴᠥᠭᠡᠳᠦᠷ ᠪᠣᠯᠤᠭᠰᠠᠨ᠃ ᠡᠨᠡ ᠬᠤᠷᠠᠯᠳᠤᠭᠠᠨ ᠢᠶᠠᠷ ᠣᠯᠠᠨ ᠨᠡᠶᠢᠲᠡ ᠶᠢᠨ ᠳᠤᠮᠳᠠ ᠲᠠᠷᠬᠠᠭᠠᠳ ᠪᠠᠶᠢᠭ᠎ᠠ ᠲᠠᠬᠤᠯ ᠲᠠᠢ ᠬᠤᠯᠪᠤᠭ᠎ᠠ ᠲᠠᠢ ᠠᠰᠠᠭᠤᠳᠠᠯ ᠢ ᠬᠡᠯᠡᠯᠴᠡᠭᠰᠡᠨ᠃ ᠢᠩᠭᠢᠭᠡᠳ ᠠᠷᠠᠳ ᠢᠷᠭᠡᠳ ᠲᠦ ᠪᠡᠨ ᠬᠠᠨᠳᠤᠨ ᠠᠩᠬᠠᠷᠤᠭᠤᠯᠭ᠎ᠠ᠂  ᠰᠡᠷᠡᠮᠵᠢᠭᠦᠯᠦᠯᠭᠡ ᠭᠠᠷᠭᠠᠭᠰᠠᠨ ᠪᠢᠯᠡ᠃  ᠮᠤᠩᠭᠤᠯ ᠤᠯᠤᠰ ᠤᠨ ᠦᠨᠳᠦᠰᠦᠨ ᠦ ᠠᠶᠤᠯᠭᠦᠢ ᠪᠠᠶᠢᠳᠠᠯ ᠤᠨ ᠵᠥᠪᠯᠡᠯ ᠦᠨ  ᠲᠡᠷᠢᠭᠦᠨ᠂ ᠮᠤᠩᠭᠤᠯ ᠤᠯᠤᠰ ᠤᠨ  ᠶᠡᠷᠦᠩᠬᠡᠢᠯᠡᠭᠴᠢ ᠬᠠᠯᠲᠠᠮ᠎ᠠ ᠶᠢᠨ ᠪᠠᠲᠤᠲᠤᠯᠭ᠎ᠠ᠄ᠢᠷᠭᠡᠨ ᠪᠦᠷᠢ ᠬᠠᠷᠢᠭᠤᠴᠠᠯᠭ᠎ᠠ ᠲᠠᠢ ᠪᠠᠶᠢᠵᠤ᠂ ᠠᠷᠢᠭᠤᠨ ᠴᠡᠪᠡᠷ ᠢ ᠰᠠᠬᠢᠵᠤ᠂ ᠠᠮᠠᠨ ᠤ ᠬᠠᠭᠠᠯᠲᠠ ᠪᠠᠨ ᠪᠠᠶᠢᠩᠭᠤ ᠵᠡᠭᠦᠵᠦ᠂ ᠭᠠᠷ ᠢᠶᠠᠨ ᠲᠣᠭᠲᠠᠮᠠᠯ ᠤᠭᠢᠶᠠᠵᠤ᠂ ᠪᠡᠶ᠎ᠡ ᠪᠡᠶ᠎ᠡ ᠳᠦ ᠪᠡᠨ ᠬᠠᠷᠢᠭᠤᠴᠠᠯᠭ᠎ᠠ ᠲᠠᠢ ᠦᠭᠡ ᠶᠢ ᠬᠡᠯᠡᠵᠦ ᠪᠠᠶᠢᠬᠤ ᠶᠢ ᠠᠷᠠᠳ ᠢᠷᠭᠡᠳ ᠲᠦ ᠪᠡᠨ ᠤᠷᠢᠶᠠᠯᠠᠵᠤ ᠪᠠᠶᠢᠨ᠎ᠠ᠃ ᠲᠥᠷᠥ ᠵᠠᠰᠠᠭ  ᠶᠠᠭᠠᠷᠠᠯᠲᠠᠢ ᠠᠷᠭ᠎ᠠ ᠬᠡᠮᠵᠢᠶ᠎ᠡ ᠨᠦᠭᠦᠳ ᠢ ᠠᠪᠴᠤ ᠪᠠᠶᠢᠨ᠎ᠠ᠃ ᠣᠳᠣ ᠪᠦᠬᠦ ᠵᠦᠢᠯ ᠬᠤᠪᠢ ᠬᠦᠮᠦᠨ ᠡᠴᠡ᠂ ᠲᠠᠨ ᠠᠴᠠ᠂ ᠥᠪᠡᠷ ᠡᠴᠡ ᠲᠠᠨᠢ ᠰᠢᠯᠲᠠᠭᠠᠯᠠᠨ᠎ᠠ ᠭᠡᠳᠡᠭ ᠢ ᠠᠩᠬᠠᠷᠤᠭᠤᠯᠵᠤ᠂ ᠡᠨᠡ ᠮᠡᠳᠡᠭᠳᠡᠯ ᠢ ᠭᠠᠷᠭᠠᠵᠤ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ