ᠠᠷᠠᠳᠴᠢᠯᠠᠭᠰᠠᠨ ᠨᠠᠮ ᠶᠡᠬᠡ ᠬᠤᠷᠠᠯ ᠢᠶᠠᠨ ᠴᠠᠬᠢᠮ ᠢᠶᠠᠷ ᠬᠢᠨ᠎ᠡ  | News.MN

ᠠᠷᠠᠳᠴᠢᠯᠠᠭᠰᠠᠨ ᠨᠠᠮ ᠶᠡᠬᠡ ᠬᠤᠷᠠᠯ ᠢᠶᠠᠨ ᠴᠠᠬᠢᠮ ᠢᠶᠠᠷ ᠬᠢᠨ᠎ᠡ 

ᠠᠷᠠᠳᠴᠢᠯᠠᠭᠰᠠᠨ ᠨᠠᠮ ᠤᠨ ᠠᠷᠪᠠᠳᠤᠭᠠᠷ ᠶᠡᠬᠡ ᠬᠤᠷᠠᠯ ᠡᠨᠡ ᠰᠠᠷ᠎ᠠ ᠶᠢᠨ 16 ᠪᠤᠶᠤ ᠢᠷᠡᠬᠦ ᠳᠠᠸᠠ ᠭᠠᠷᠠᠭ ᠲᠤ ᠲᠣᠪᠯᠠᠭᠳᠠᠭᠠᠳ ᠪᠠᠶᠢᠭᠰᠠᠨ᠃ ᠬᠠᠷᠢᠨ ᠺᠣᠷᠤᠨᠠ ᠸᠢᠷᠦ᠋ᠰ ᠦᠨ ᠬᠠᠯᠳᠠᠪᠤᠷᠢ ᠳᠣᠲᠣᠭᠠᠳᠤ  ᠳᠤ ᠢᠯᠡᠷᠡᠵᠦ᠂ ᠤᠯᠤᠰ ᠤᠨ ᠬᠡᠮᠵᠢᠶᠡᠨ ᠳᠦ ᠪᠦᠬᠦ ᠨᠡᠶᠢᠲᠡ ᠶᠢᠨ ᠪᠡᠯᠡᠨ ᠪᠠᠶᠢᠳᠠᠯ ᠤᠨ ᠵᠡᠷᠭᠡ ᠳᠦ ᠰᠢᠯᠵᠢᠭᠦᠯᠦᠭᠰᠡᠨ ᠲᠤᠯᠠ ᠠᠷᠠᠳᠴᠢᠯᠠᠭᠰᠠᠨ ᠨᠠᠮ  ᠤᠨ ᠶᠡᠬᠡ ᠬᠤᠷᠠᠯ ᠢ ᠲᠣᠳᠣᠷᠬᠠᠢ ᠦᠭᠡᠢ ᠬᠤᠭᠤᠴᠠᠭ᠎ᠠ ᠪᠠᠷ ᠬᠣᠶᠢᠰᠢᠯᠠᠭᠤᠯᠵᠠᠢ᠃
ᠥᠴᠥᠭᠡᠳᠦᠷ ᠠᠷᠠᠳᠴᠢᠯᠠᠭᠰᠠᠨ ᠨᠠᠮ ᠠᠶᠢᠮᠠᠭ᠂ ᠨᠡᠶᠢᠰᠯᠡᠯ ᠦᠨ ᠨᠠᠮ ᠤᠨ ᠬᠣᠷᠢᠶᠠᠨ ᠤ ᠤᠳᠤᠷᠢᠳᠤᠯᠭ᠎ᠠ ᠨᠠᠷ ᠲᠠᠢ ᠴᠠᠬᠢᠮ ᠬᠤᠷᠠᠯ ᠬᠢᠵᠦ᠂ ᠶᠡᠬᠡ ᠬᠤᠷᠠᠯ ᠢᠶᠠᠨ ᠬᠡᠷᠬᠢᠨ ᠬᠢᠬᠦ ᠲᠠᠯ᠎ᠠ ᠪᠠᠷ ᠶᠠᠷᠢᠯᠴᠠᠭᠰᠠᠨ ᠪᠠᠶᠢᠨ᠎ᠠ᠃ ᠤᠯᠠᠮ ᠢᠶᠠᠷ ᠴᠠᠷ᠎ᠠ ᠲᠠᠬᠤᠯ ᠤᠨ ᠨᠥᠬᠥᠴᠡᠯ ᠪᠠᠶᠢᠳᠠᠯ ᠢ ᠬᠠᠷᠠᠭᠠᠯᠵᠠᠵᠤ ᠴᠠᠬᠢᠮ ᠢᠶᠠᠷ ᠬᠤᠷᠠᠯᠳᠤᠬᠤ ᠶᠢ ᠨᠠᠮ ᠤᠨ ᠬᠣᠷᠢᠶᠠᠨ ᠤ ᠳᠠᠷᠤᠭ᠎ᠠ ᠨᠠᠷ ᠤᠨ ᠣᠯᠠᠩᠬᠢ ᠨᠢ ᠳᠡᠮᠵᠢᠭᠰᠡᠨ ᠪᠠᠶᠢᠨ᠎ᠠ᠃ ᠣᠳᠣ ᠪᠠᠷ ᠴᠠᠬᠢᠮ ᠬᠤᠷᠠᠯ ᠤᠨ ᠲᠣᠪ ᠭᠠᠷᠤᠭ᠎ᠠ ᠦᠭᠡᠢ ᠪᠠᠶᠢᠨ᠎ᠠ᠃ ᠠᠷᠠᠳᠴᠢᠯᠠᠭᠰᠠᠨ ᠨᠠᠮ ᠍ ᠤᠨ ᠶᠡᠬᠡ ᠬᠤᠷᠠᠯ ᠢᠶᠠᠷ ᠨᠠᠮ ᠤᠨ ᠦᠨᠳᠦᠰᠦᠨ ᠳᠦᠷᠢᠮ ᠢ ᠥᠭᠡᠷᠡᠴᠢᠯᠡᠬᠦ ᠠᠰᠠᠭᠤᠳᠠᠯ ᠢ ᠬᠡᠯᠡᠯᠴᠡᠬᠦ ᠶᠤᠮ᠃

ᠰᠡᠳᠬᠢᠭᠳᠡᠯ ᠦᠯᠡᠳᠡᠭᠡᠬᠦ