《ᠠᠲᠠᠭᠠᠨ᠎ᠠ ᠬᠦᠷᠢᠶᠡᠲᠦ-2020》 ᠨᠠᠭᠠᠳᠤᠮ ᠳᠤ 3000 ᠣᠷᠴᠢᠮ ᠬᠦᠮᠦᠨ ᠣᠷᠣᠯᠴᠠᠵᠠᠢ  | News.MN

《ᠠᠲᠠᠭᠠᠨ᠎ᠠ ᠬᠦᠷᠢᠶᠡᠲᠦ-2020》 ᠨᠠᠭᠠᠳᠤᠮ ᠳᠤ 3000 ᠣᠷᠴᠢᠮ ᠬᠦᠮᠦᠨ ᠣᠷᠣᠯᠴᠠᠵᠠᠢ 

ᠰᠦᠬᠡᠪᠠᠭᠠᠲᠤᠷ ᠠᠶᠢᠮᠠᠭ ᠢ ᠮᠣᠩᠭᠣᠯ ᠠᠳᠤᠭᠤᠨ ᠤ ᠥᠪ ᠰᠤᠶᠤᠯ ᠤᠨ ᠲᠥᠪ ᠨᠤᠲᠤᠭ ᠪᠣᠯᠭᠠᠨ ᠵᠠᠷᠯᠠᠵᠤ᠂ ᠡᠨᠡ ᠬᠦᠷᠢᠶᠡᠨ ᠳᠦ ᠣᠯᠠᠨ ᠠᠵᠢᠯ ᠢ ᠵᠣᠬᠢᠶᠠᠨ ᠪᠠᠶᠢᠭᠤᠯᠵᠤ ᠪᠠᠶᠢᠭ᠎ᠠ ᠶᠢᠨ ᠨᠢᠭᠡ ᠨᠢ 《ᠠᠲᠠᠭᠠᠨ᠎ᠠ ᠬᠦᠷᠢᠶᠡᠲᠦ》 ᠬᠦᠯᠦᠭᠴᠢ ᠡᠷᠡᠰ ᠦᠨ ᠨᠠᠭᠠᠳᠤᠮ᠂ ᠣᠯᠠᠨ ᠤᠯᠤᠰ ᠤᠨ ᠭᠡᠷᠡᠯ ᠵᠢᠷᠤᠭ ᠤᠨ ᠤᠷᠤᠯᠳᠤᠭᠠᠨ ᠶᠤᠮ᠃  ᠭᠤᠷᠪᠠᠳᠠᠬᠢ ᠵᠢᠯ ᠳᠦ ᠪᠡᠨ ᠪᠣᠯᠵᠤ ᠪᠤᠢ ᠨᠠᠭᠠᠳᠤᠮ ᠳᠤ ᠡᠨᠡ ᠵᠢᠯ 3000 ᠣᠷᠴᠢᠮ ᠬᠦᠮᠦᠨ ᠣᠷᠣᠯᠴᠠᠵᠠᠢ᠃《ᠠᠲᠠᠭᠠᠨ᠎ᠠ ᠬᠦᠷᠢᠶᠡᠲᠦ》 ᠨᠠᠭᠠᠳᠤᠮ ᠬᠠᠮᠤᠷᠬᠤ ᠴᠠᠷ᠎ᠠ ᠬᠦᠷᠢᠶ᠎ᠡ᠂ ᠣᠷᠣᠯᠴᠠᠭᠴᠢᠳ ᠤᠨ ᠲᠣᠭ᠎ᠠ᠂ ᠮᠣᠩᠭᠣᠯ ᠠᠳᠤᠭᠤ᠂ ᠲᠡᠭᠦᠨ ᠢ ᠳᠠᠭᠠᠭᠰᠠᠨ ᠣᠯᠠᠨ ᠥᠪ ᠰᠤᠶᠤᠯ ᠢ ᠭᠠᠳᠠᠭᠠᠳᠤ᠂ ᠳᠤᠲᠤᠭᠠᠳᠤ ᠳᠤ ᠰᠤᠷᠲᠠᠯᠴᠢᠯᠠᠨ ᠲᠠᠨᠢᠭᠤᠯᠳᠠᠭ ᠢᠶᠠᠷ ᠢᠶᠠᠨ ᠣᠨᠴᠠᠯᠢᠭ᠃ 《ᠠᠲᠠᠭᠠᠨ᠎ᠠ ᠬᠦᠷᠢᠶᠡᠲᠦ》ᠰᠤᠶᠤᠯ ᠤᠨ ᠲᠥᠰᠥᠯ ᠦᠨ ᠬᠦᠷᠢᠶᠡᠨ ᠳᠦ ᠵᠣᠬᠢᠶᠠᠨ ᠪᠠᠶᠢᠭᠤᠯᠳᠠᠭ ᠡᠨᠡᠬᠦ ᠬᠦᠯᠦᠭᠴᠢ ᠡᠷᠡᠰ ᠦᠨ ᠨᠠᠭᠠᠳᠤᠮ᠂ ᠣᠯᠠᠨ ᠤᠯᠤᠰ ᠤᠨ ᠭᠡᠷᠡᠯ ᠵᠢᠷᠤᠭᠴᠢᠳ ᠤᠨ ᠤᠷᠤᠯᠳᠤᠭᠠᠨ ᠢ ᠡᠨᠡ ᠰᠠᠷ᠎ᠠ ᠶᠢᠨ 7 ᠍ ᠤ ᠡᠳᠦᠷ ᠠᠮᠵᠢᠯᠲᠠ ᠲᠠᠢ ᠵᠣᠬᠢᠶᠠᠨ ᠪᠠᠶᠢᠭᠤᠯᠤᠭᠰᠠᠨ ᠪᠠᠶᠢᠨ᠎ᠠ᠃
ᠮᠣᠩᠭᠣᠯ ᠤᠯᠤᠰ ᠤᠨ ᠰᠤᠶᠤᠯ ᠤᠨ ᠦᠨᠡᠲᠦ ᠥᠪ᠂ ᠦᠨᠳᠦᠰᠦᠨ ᠦ ᠲᠤᠰᠠᠭᠠᠷ ᠲᠣᠭᠲᠠᠨᠢᠯ ᠤᠨ ᠪᠡᠯᠭᠡ ᠲᠡᠮᠳᠡᠭ ᠪᠣᠯᠤᠭᠰᠠᠨ ᠮᠣᠩᠭᠣᠯ ᠠᠳᠤᠭᠤ᠂ ᠲᠡᠭᠦᠨ ᠢ ᠳᠠᠭᠠᠭᠰᠠᠨ ᠰᠤᠶᠤᠯ ᠤᠯᠠᠮᠵᠢᠯᠠᠯ ᠢᠶᠠᠨ ᠦᠷ᠎ᠡ ᠬᠣᠶᠢᠴᠢ ᠳᠤ ᠪᠠᠨ ᠥᠪᠯᠡᠭᠦᠯᠦᠨ ᠦᠯᠡᠳᠡᠭᠡᠬᠦ᠂ ᠬᠠᠮᠠᠭᠠᠯᠠᠬᠤ᠂ ᠲᠦᠭᠡᠭᠡᠨ ᠳᠡᠯᠭᠡᠷᠡᠭᠦᠯᠬᠦ᠂ ᠬᠢᠯᠢ ᠣᠷᠴᠢᠮ ᠤᠨ ᠠᠶᠠᠯᠠᠯ ᠵᠢᠭᠤᠯᠴᠢᠯᠠᠯ ᠢ ᠬᠥᠭᠵᠢᠭᠦᠯᠬᠦ᠂ ᠰᠤᠶᠤᠯ ᠥᠪ ᠤᠯᠠᠮᠵᠢᠯᠠᠯ ᠢᠶᠠᠨ ᠬᠠᠳᠠᠭᠠᠯᠠᠨ ᠠᠪᠴᠤ ᠦᠯᠡᠳᠡᠬᠦ᠂ ᠳᠡᠯᠡᠬᠡᠢ ᠳ᠋ᠠᠬᠢᠨ ᠳᠤ ᠰᠤᠷᠲᠠᠯᠴᠢᠯᠠᠨ ᠲᠠᠨᠢᠭᠤᠯᠬᠤ᠂ ᠣᠷᠣᠨ ᠨᠤᠲᠤᠭ ᠤᠨ ᠠᠷᠠᠯᠵᠢᠶ᠎ᠠ ᠡᠷᠬᠢᠯᠡᠭᠴᠢᠳ ᠢ ᠳᠡᠮᠵᠢᠬᠦ ᠭᠡᠳ ᠣᠯᠠᠨ ᠲᠠᠯ᠎ᠠ ᠶᠢᠨ ᠴᠢᠬᠤᠯᠠ ᠠᠴᠢ ᠬᠣᠯᠪᠣᠭᠳᠠᠯ ᠲᠠᠢ᠃ ᠨᠠᠭᠠᠳᠤᠮ ᠵᠢᠯ ᠡᠴᠡ ᠵᠢᠯ ᠳᠦ ᠥᠷᠭᠡᠵᠢᠨ ᠲᠡᠯᠡᠵᠦ᠂ ᠡᠨᠡ ᠵᠢᠯ ᠮᠣᠩᠭᠣᠯ ᠤᠯᠤᠰ ᠤᠨ 21 ᠠᠶᠢᠮᠠᠭ᠂ ᠰᠦᠬᠡᠪᠠᠭᠠᠲᠤᠷ ᠠᠶᠢᠮᠠᠭ ᠤᠨ 13 ᠰᠤᠮᠤ ᠠᠴᠠ ᠠᠪᠤᠷᠭᠤ ᠠᠳᠤᠭᠤᠴᠢᠳ᠂ ᠬᠦᠯᠦᠭ ᠡᠷᠡᠰ ᠭᠡᠳ 3000 ᠣᠷᠴᠢᠮ ᠬᠦᠮᠦᠨ ᠣᠷᠣᠯᠴᠠᠭᠰᠠᠨ ᠪᠠᠶᠢᠨ᠎ᠠ᠃ ᠬᠠᠷᠢᠨ ᠴᠠᠷ᠎ᠠ ᠲᠠᠬᠤᠯ ᠲᠠᠢ ᠬᠣᠯᠪᠣᠭᠠᠲᠠᠢ ᠪᠠᠷ ᠬᠢᠯᠢ ᠶᠢᠨ ᠬᠣᠷᠢᠭ᠎ᠠ  ᠴᠤᠴᠠᠯᠠᠭ᠎ᠠ ᠦᠭᠡᠢ ᠪᠠᠶᠢᠭ᠎ᠠ ᠤᠴᠢᠷ ᠣᠯᠠᠨ ᠤᠯᠤᠰ ᠤᠨ ᠭᠡᠷᠡᠯ ᠵᠢᠷᠤᠭᠴᠢᠳ ᠢᠷᠡᠵᠦ ᠣᠷᠣᠯᠴᠠᠵᠤ ᠴᠢᠳᠠᠭ᠎ᠠ ᠦᠭᠡᠢ ᠪᠠᠶᠢᠨ᠎ᠠ᠃ ᠠᠲᠠᠭᠠᠨ᠎ᠠ ᠬᠦᠷᠢᠶᠡᠲᠦ ᠨᠠᠭᠠᠳᠤᠮ ᠡᠨᠡ ᠵᠢᠯ ᠦᠨ ᠬᠤᠪᠢ ᠳᠤ ᠠᠩᠬ᠎ᠠ ᠤᠳᠠᠭ᠎ᠠ ᠤᠯᠤᠰ ᠤᠨ ᠬᠡᠮᠵᠢᠶᠡᠨ ᠳᠦ ᠪᠣᠯᠵᠤ ᠪᠠᠶᠢᠭ᠎ᠠ ᠲᠠᠢ ᠬᠣᠯᠪᠣᠭᠳᠠᠭᠤᠯᠤᠨ ᠬᠥᠯ ᠬᠥᠳᠡᠯᠭᠡᠭᠡᠨ ᠶᠡᠬᠡ ᠲᠡᠢ᠂ ᠴᠠᠷ᠎ᠠ ᠬᠦᠷᠢᠶ᠎ᠡ ᠴᠤ ᠥᠷᠭᠡᠨ ᠪᠣᠯᠤᠭᠰᠠᠨ᠃ ᠲᠡᠶᠢᠮᠦ ᠡᠴᠡ ᠴᠢᠨᠠᠭᠰᠢᠳᠠ ᠵᠠᠷᠢᠮ ᠵᠦᠢᠯ ᠳᠡᠭᠡᠷ᠎ᠡ ᠠᠩᠬᠠᠷᠬᠤ ᠶᠣᠰᠣᠲᠠᠢ ᠶᠢ ᠵᠣᠬᠢᠶᠠᠨ ᠪᠠᠶᠢᠭᠤᠯᠤᠭᠴᠢᠳ ᠣᠨᠴᠠᠯᠠᠵᠤ ᠪᠠᠶᠢᠨ᠎ᠠ᠃

ᠰᠡᠳᠬᠢᠭᠳᠡᠯ ᠦᠯᠡᠳᠡᠭᠡᠬᠦ