ᠮᠠᠯ ᠤᠨ ᠴᠠᠬᠢᠮ ᠬᠤᠳᠠᠯᠳᠤᠭ᠎ᠠ ᠲᠥᠰᠥᠯ ᠬᠡᠷᠡᠭᠵᠢᠵᠦ ᠡᠬᠢᠯᠡᠯ᠎ᠡ  | News.MN

ᠮᠠᠯ ᠤᠨ ᠴᠠᠬᠢᠮ ᠬᠤᠳᠠᠯᠳᠤᠭ᠎ᠠ ᠲᠥᠰᠥᠯ ᠬᠡᠷᠡᠭᠵᠢᠵᠦ ᠡᠬᠢᠯᠡᠯ᠎ᠡ 

ᠬᠥᠪᠰᠥᠭᠥᠯ ᠠᠶᠢᠮᠠᠭ ᠲᠤ ᠮᠠᠯᠴᠢᠳ ᠬᠤᠳᠠᠯᠳᠤᠨ ᠠᠪᠤᠭᠴᠢᠳ ᠢ ᠬᠣᠯᠪᠣᠭᠰᠠᠨ ᠴᠠᠬᠢᠮ ᠬᠤᠳᠠᠯᠳᠤᠭ᠎ᠠ ᠪᠠᠷ ᠳᠠᠮᠵᠢᠭᠤᠯᠵᠤ ᠴᠢᠨᠠᠷᠲᠠᠢ ᠠᠶᠤᠯᠭᠦᠢ ᠪᠦᠲᠦᠭᠡᠭᠳᠡᠬᠦᠨ ᠢᠶᠡᠷ ᠬᠠᠩᠭᠠᠬᠤ ᠵᠣᠷᠢᠯᠭ᠎ᠠ ᠲᠠᠢ 《ᠬᠥᠪᠰᠥᠭᠥᠯ ᠯᠠᠢᠺ》 ᠮᠠᠯ ᠤᠨ ᠴᠠᠬᠢᠮ ᠬᠤᠳᠠᠯᠳᠤᠭ᠎ᠠ ᠲᠥᠰᠥᠯ ᠬᠡᠷᠡᠭᠵᠢᠵᠦ ᠪᠠᠶᠢᠨ᠎ᠠ᠃ ᠲᠥᠰᠥᠯ ᠲᠤᠰ ᠠᠶᠢᠮᠠᠭ ᠤᠨ 23 ᠰᠤᠮᠤ ᠶᠢᠨ 128 ᠪᠠᠭ ᠲᠤ ᠭᠤᠷᠪᠠᠨ ᠵᠢᠯ ᠦᠨ ᠬᠤᠭᠤᠴᠠᠭ᠎ᠠ ᠲᠠᠢ ᠬᠡᠷᠡᠭᠵᠢᠨ᠎ᠡ᠃《ᠮᠠᠯᠴᠢᠳ ᠴᠠᠬᠢᠮ ᠲᠥᠰᠥᠯ ᠳᠦ ᠬᠠᠮᠤᠷᠤᠭᠳᠠᠵᠤ ᠵᠠᠬ᠎ᠠ ᠵᠡᠭᠡᠯᠢ ᠳᠦ ᠮᠠᠯ ᠢᠶᠠᠨ ᠬᠤᠳᠠᠯᠳᠤᠨ ᠪᠣᠷᠣᠯᠠᠭᠤᠯᠬᠤ ᠡᠭᠦᠳᠡ ᠬᠠᠭᠠᠯᠭ᠎ᠠ ᠨᠡᠭᠡᠭᠡᠭᠳᠡᠵᠦ ᠪᠠᠶᠢᠨ᠎ᠠ᠃ ᠮᠢᠬ᠎ᠠ ᠪᠡᠯᠡᠳᠬᠡᠨ ᠨᠡᠶᠢᠯᠡᠭᠦᠯᠳᠡᠭ ᠭᠠᠵᠠᠷ ᠤᠳ  ᠪᠦᠭᠡᠮ ᠦ ᠴᠡᠭ ᠦᠳ ᠨᠢ ᠡᠷᠡᠭᠦᠯ ᠠᠬᠤᠢ ᠶᠢᠨ ᠱᠠᠭᠠᠷᠳᠠᠯᠭ᠎ᠠ ᠬᠠᠩᠭᠠᠳᠠᠭ ᠦᠭᠡᠢ᠂ ᠮᠠᠯ ᠳᠤ ᠰᠢᠨᠵᠢᠯᠡᠭᠡ ᠬᠢᠳᠡᠭ ᠦᠭᠡᠢ᠂ ᠲᠡᠭᠡᠭᠡᠪᠦᠷᠢᠯᠡᠯᠲᠡ ᠬᠠᠳᠠᠭᠠᠯᠠᠯᠲᠠ ᠨᠢ ᠰᠲ᠋ᠠᠨᠳᠠᠷᠲ ᠲᠤ ᠨᠡᠶᠢᠴᠡᠭᠡ ᠦᠭᠡᠢ ᠪᠠᠶᠢᠳᠠᠭ᠃ ᠬᠠᠷᠢᠨ ᠮᠠᠯ ᠤᠨ ᠴᠠᠬᠢᠮ ᠬᠤᠳᠠᠯᠳᠤᠭ᠎ᠠ ᠲᠥᠰᠥᠯ ᠬᠡᠷᠡᠭᠵᠢᠭᠰᠡᠨ ᠢᠶᠡᠷ ᠰᠲ᠋ᠠᠨᠳᠠᠷᠲ ᠲᠤ ᠨᠡᠶᠢᠴᠡᠭᠰᠡᠨ᠂ ᠠᠷᠢᠭᠤᠨ ᠴᠡᠪᠡᠷ ᠦᠨ ᠱᠠᠭᠠᠷᠳᠠᠯᠭ᠎ᠠ ᠬᠠᠩᠭᠠᠭᠰᠠᠨ ᠪᠦᠲᠦᠭᠡᠭᠳᠡᠬᠦᠨ ᠢ ᠮᠠᠯᠴᠢᠳ ᠲᠠᠢ ᠬᠠᠮᠲᠤᠷᠠᠨ ᠦᠢᠯᠡᠳᠪᠦᠷᠢᠯᠡᠬᠦ ᠶᠢ ᠵᠣᠷᠢᠵᠤ ᠪᠠᠶᠢᠨ᠎ᠠ᠃

ᠮᠠᠯᠴᠢᠳ ᠲᠥᠰᠥᠯ ᠳᠦ ᠬᠠᠮᠤᠷᠤᠭᠳᠠᠭᠰᠠᠨ ᠢᠶᠠᠷ ᠵᠢᠯ ᠦᠨ 4 ᠤᠯᠠᠷᠢᠯ ᠳᠤ ᠲᠣᠭᠲᠠᠮᠠᠯ ᠣᠷᠣᠯᠭ᠎ᠠ ᠲᠠᠢ ᠪᠣᠯᠬᠤ᠂ ᠬᠦᠢᠲᠡᠨ ᠦ ᠤᠯᠠᠷᠢᠯ ᠳᠤ ᠮᠠᠯ ᠢᠶᠠᠨ ᠪᠣᠷᠳᠣᠬᠤ ᠠᠷᠭ᠎ᠠ ᠳᠤ ᠰᠤᠷᠤᠯᠴᠠᠬᠤ᠂ ᠮᠠᠯ ᠢᠶᠠᠨ ᠺᠤᠳ᠋ᠯᠠᠭᠤᠯᠤᠨ ᠫᠠᠰᠫᠤᠷᠲᠯᠤᠭᠤᠯᠬᠤ᠂ ᠴᠠᠬᠢᠮ ᠪᠦᠷᠢᠳᠬᠡᠯ ᠳᠦ ᠤᠷᠤᠭᠤᠯᠬᠤ ᠵᠡᠷᠭᠡ ᠠᠴᠢ ᠬᠣᠯᠪᠣᠭᠳᠠᠯ ᠲᠠᠢ》 ᠭᠡᠳᠡᠭ ᠢ ᠬᠥᠪᠰᠥᠭᠥᠯ ᠠᠶᠢᠮᠠᠭ ᠤᠨ ᠮᠠᠯ ᠡᠮᠨᠡᠯᠭᠡ ᠶᠢᠨ ᠭᠠᠵᠠᠷ ᠤᠨ ᠳᠠᠷᠤᠭ᠎ᠠ ᠪ ∙ ᠭᠠᠩᠬᠤᠶᠠᠭ ᠬᠡᠯᠡᠵᠦ ᠪᠠᠶᠢᠯ᠎ᠠ᠃ ᠲᠥᠰᠥᠯ ᠦᠨ ᠬᠦᠷᠢᠶᠡᠨ ᠳᠦ ᠮᠠᠯ ᠡᠮᠨᠡᠯᠭᠡ ᠶᠢᠨ ᠭᠠᠵᠠᠷ ᠠᠴᠠ ᠴᠠᠬᠢᠮ ᠮᠠᠯ ᠡᠮᠨᠡᠯᠭᠡ ᠰᠤᠷᠭᠠᠯᠲᠠ ᠶᠢ ᠮᠠᠯ ᠤᠨ ᠡᠮᠴᠢ ᠨᠠᠷ ᠲᠤ ᠬᠢᠵᠦ ᠮᠡᠳᠡᠭᠡᠯᠡᠯ ᠠᠷᠭ᠎ᠠ ᠵᠦᠢ ᠪᠡᠷ ᠬᠠᠩᠭᠠᠭᠰᠠᠨ ᠪᠠᠶᠢᠨ᠎ᠠ᠃

ᠰᠡᠳᠬᠢᠭᠳᠡᠯ ᠦᠯᠡᠳᠡᠭᠡᠬᠦ