ᠤ᠊∙ᠬᠦᠷᠡᠯᠰᠦ᠋ᠬᠡ᠄ ᠬᠠᠮᠤᠭ ᠤᠨ ᠰᠠᠶᠢᠨ ᠸᠠᠺᠼᠢᠨ ᠪᠣᠯ ᠰᠠᠬᠢᠯᠭ᠎ᠠ ᠪᠠᠲᠤ᠂ ᠬᠠᠷᠢᠭᠤᠴᠠᠯᠭ᠎ᠠ | News.MN

ᠤ᠊∙ᠬᠦᠷᠡᠯᠰᠦ᠋ᠬᠡ᠄ ᠬᠠᠮᠤᠭ ᠤᠨ ᠰᠠᠶᠢᠨ ᠸᠠᠺᠼᠢᠨ ᠪᠣᠯ ᠰᠠᠬᠢᠯᠭ᠎ᠠ ᠪᠠᠲᠤ᠂ ᠬᠠᠷᠢᠭᠤᠴᠠᠯᠭ᠎ᠠ

ᠮᠣᠩᠭᠣᠯ ᠤᠯᠤᠰ ᠤᠨ ᠵᠠᠰᠠᠭ ᠤᠨ ᠭᠠᠵᠠᠷ ᠤᠨ ᠥᠷᠭᠡᠳᠬᠡᠭᠰᠡᠨ ᠬᠤᠷᠠᠯᠳᠤᠭᠠᠨ ᠢ ᠵᠠᠷᠯᠠᠨ ᠬᠤᠷᠠᠯᠳᠤᠭᠤᠯᠵᠤ᠂ ᠤᠯᠤᠰ ᠤᠨ ᠣᠨᠴᠠᠭᠠᠢ ᠺᠣᠮᠢᠰ ᠤᠨ ᠰᠢᠢᠳᠪᠦᠷᠢ ᠶᠢ ᠳ᠋ᠦᠩᠨᠡᠨ ᠬᠡᠯᠡᠯᠴᠡᠵᠦ᠂ ᠭᠠᠮᠰᠢᠭ ᠠᠴᠠ ᠬᠠᠮᠠᠭᠠᠯᠠᠬᠤ ᠪᠦᠬᠦ ᠨᠡᠶᠢᠲᠡ ᠶᠢᠨ ᠪᠡᠯᠡᠨ ᠪᠠᠶᠢᠳᠠᠯ ᠤᠨ ᠵᠡᠷᠭᠡ ᠶᠢ 14 ᠬᠣᠨᠣᠭ ᠢᠶᠠᠷ ᠰᠤᠩᠭᠠᠵᠤ᠂ ᠵᠠᠰᠠᠭ ᠤᠨ ᠭᠠᠵᠠᠷ ᠤᠨ ᠲᠣᠭᠲᠠᠭᠠᠯ᠂ ᠬᠤᠷᠠᠯᠳᠤᠭᠠᠨ ᠤ ᠲᠡᠮᠳᠡᠭᠯᠡᠯ ᠢ ᠲᠤᠰ ᠲᠤᠰ ᠭᠠᠷᠭᠠᠭᠰᠠᠨ᠃ ᠬᠤᠷᠠᠯ ᠤᠨ ᠳᠠᠷᠤᠭ᠎ᠠ ᠶᠡᠷᠦᠩᠬᠡᠢ ᠰᠠᠶᠢᠳ ᠵᠠᠰᠠᠭ ᠤᠨ ᠭᠡᠰᠢᠭᠦᠳ᠂ ᠲᠥᠷᠥ ᠶᠢᠨ ᠵᠠᠬᠢᠷᠭᠠᠨ ᠤ ᠪᠠᠶᠢᠭᠤᠯᠤᠯᠭ᠎ᠠ ᠶᠢᠨ ᠳᠠᠷᠤᠭ᠎ᠠ᠂ ᠠᠶᠢᠮᠠᠭ ᠨᠡᠶᠢᠰᠯᠡᠯ ᠦᠨ ᠵᠠᠰᠠᠭ ᠳᠠᠷᠤᠭ᠎ᠠ ᠨᠠᠷ ᠲᠤ ᠳᠠᠷᠠᠭᠠᠬᠢ ᠠᠯᠪᠠᠨ ᠳᠠᠭᠠᠭᠠᠯᠭᠠᠪᠤᠷᠢ ᠶᠢ ᠦᠭᠭᠦᠯ᠎ᠡ᠃ ᠲᠤᠬᠠᠢᠯᠠᠪᠠᠯ᠂ ᠳᠤᠲᠤᠭᠠᠳᠤ ᠳᠤ ᠭᠠᠷᠤᠭᠰᠠᠨ ᠬᠠᠯᠳᠠᠪᠤᠷᠢ ᠶᠢᠨ ᠲᠠᠩᠳᠠᠯᠲᠠ ᠰᠤᠳᠤᠯᠭ᠎ᠠ ᠶᠢ ᠡᠷᠴᠢᠮᠵᠢᠭᠦᠯᠬᠦ᠂ ᠭᠣᠯᠣᠮᠲᠠ ᠶᠢᠨ ᠬᠦᠷᠢᠶ᠎ᠡ ᠶᠢ ᠬᠢᠵᠠᠭᠠᠷᠯᠠᠬᠤ᠂ ᠬᠠᠯᠳᠠᠪᠤᠷᠢ ᠶᠢᠨ ᠭᠣᠯᠣᠮᠲᠠ ᠶᠢᠨ ᠪᠥᠰᠡ᠂ ᠣᠪᠶᠧᠺᠲ᠂ ᠬᠠᠯᠳᠠᠪᠤᠷᠢ ᠢᠯᠡᠷᠡᠭᠰᠡᠨ ᠪᠠᠶᠢᠷᠢ᠂ ᠭᠡᠷ᠂ ᠣᠷᠣᠨ ᠰᠠᠭᠤᠴᠠ᠂ ᠭᠤᠳᠤᠮᠵᠢ᠂ ᠵᠠᠢ ᠲᠠᠯᠠᠪᠠᠢ᠂ ᠣᠯᠠᠨ ᠨᠡᠶᠢᠲᠡ ᠶᠢᠨ ᠦᠢᠯᠡᠴᠢᠯᠡᠭᠡᠨ ᠦ ᠲᠥᠪ ᠲᠦ ᠢᠵᠢ ᠪᠦᠷᠢᠨ ᠠᠷᠢᠭᠤᠳᠬᠠᠯ ᠬᠢᠬᠦ ᠠᠵᠢᠯ ᠢ ᠰᠢᠭᠤᠷᠬᠠᠢ ᠵᠣᠬᠢᠶᠠᠨ ᠪᠠᠶᠢᠭᠤᠯᠬᠤ᠂ ᠲᠡᠭᠦᠨ ᠳᠦ ᠬᠢᠨᠠᠯᠲᠠ ᠲᠠᠯᠪᠢᠬᠤ
ᠤᠯᠤᠰ ᠤᠨ ᠬᠡᠮᠵᠢᠶᠡᠨ ᠳᠦ ᠬᠦᠨᠡᠰᠦᠨ ᠦ ᠬᠣᠮᠰᠠᠳᠠᠯ ᠡᠭᠦᠰᠬᠡᠬᠦ ᠦᠭᠡᠢ ᠪᠠᠶᠢᠬᠤ᠂ ᠲᠦᠯᠡᠰᠢ᠂ ᠡᠷᠴᠢᠮ ᠬᠦᠴᠦ᠂ ᠳᠤᠯᠠᠭᠠᠨ᠂ ᠤᠰᠤᠨ ᠬᠠᠩᠭᠠᠮᠵᠢ᠂ ᠭᠠᠵᠠᠷ ᠤᠨ ᠲᠣᠰᠤᠨ ᠤ ᠪᠦᠲᠦᠭᠡᠭᠳᠡᠬᠦᠨ ᠦ ᠲᠡᠭᠡᠭᠡᠪᠦᠷᠢᠯᠡᠯᠲᠡ᠂ ᠬᠠᠩᠭᠠᠨ ᠨᠡᠶᠢᠯᠡᠭᠦᠯᠦᠯᠲᠡ ᠶᠢᠨ ᠦᠢᠯᠡ ᠠᠵᠢᠯᠠᠭ᠎ᠠ ᠶᠢ ᠲᠠᠰᠤᠷᠠᠯᠲᠠ ᠦᠭᠡᠢ ᠵᠣᠬᠢᠶᠠᠨ ᠪᠠᠶᠢᠭᠤᠯᠬᠤ ᠵᠡᠷᠭᠡ  ᠶᠢ ᠲᠤᠰ ᠲᠤᠰ ᠳᠠᠭᠠᠭᠠᠯᠭᠠᠪᠠ᠃
ᠲᠡᠷᠡᠪᠡᠷ᠄ ᠨᠥᠬᠥᠴᠡᠯ ᠪᠠᠶᠢᠳᠠᠯ ᠬᠢᠨᠠᠯᠲᠠ ᠠᠴᠠ ᠭᠠᠷᠴᠢᠬᠠᠭ᠎ᠠ ᠦᠭᠡᠢ ᠪᠠᠶᠢᠨ᠎ᠠ᠃ ᠡᠶᠢᠮᠦ ᠳᠦ ᠳᠡᠭᠡᠷᠡᠬᠢ ᠬᠤᠭᠤᠴᠠᠭᠠᠨ ᠳᠤ ᠬᠠᠯᠳᠠᠪᠤᠷᠢ ᠶᠢᠨ ᠲᠠᠷᠬᠠᠯᠲᠠ ᠶᠢ ᠬᠢᠨᠠᠯᠲᠠ ᠳᠤ ᠪᠠᠨ ᠠᠪᠬᠤ ᠶᠣᠰᠣᠲᠠᠢ᠃ ᠬᠠᠯᠳᠠᠪᠤᠷᠢ ᠪᠦᠷᠢᠳᠬᠡᠭᠳᠡᠭᠰᠡᠨ ᠭᠠᠵᠠᠷ ᠤᠳ ᠢ ᠰᠠᠶᠢᠲᠤᠷ ᠠᠷᠢᠭᠤᠳᠬᠠᠵᠤ᠂ ᠬᠠᠲᠠᠭᠤ ᠬᠠᠮᠠᠭᠠᠯᠠᠯᠲᠠ ᠳᠤ ᠠᠪᠴᠤ᠂ ᠬᠦᠮᠦᠨ ᠨᠡᠪᠲᠡᠷᠡᠭᠦᠯᠬᠦ ᠦᠭᠡᠢ ᠪᠠᠶᠢᠬᠤ᠂ ᠬᠦᠨᠡᠰᠦ᠂ ᠡᠮ᠂ ᠡᠮᠨᠡᠯᠭᠡ ᠶᠢᠨ ᠬᠡᠷᠡᠭᠰᠡᠯ ᠦᠨ ᠬᠠᠩᠭᠠᠮᠵᠢ ᠳᠤ ᠠᠩᠬᠠᠷᠬᠤ ᠬᠡᠷᠡᠭᠲᠡᠢ᠃ ᠠᠷᠠᠳ ᠢᠷᠭᠡᠳ ᠬᠠᠤᠯᠢ ᠪᠠᠨ ᠬᠡᠷᠡᠭᠵᠢᠭᠦᠯᠵᠦ᠂ ᠭᠠᠷ ᠢᠶᠠᠨ ᠤᠭᠢᠶᠠᠵᠤ᠂ ᠬᠣᠭᠣᠷᠣᠨᠳᠣ ᠶᠢᠨ ᠵᠠᠢ ᠪᠠᠷᠢᠬᠤ᠂ ᠣᠨᠴᠠ ᠱᠠᠭᠠᠷᠳᠠᠯᠭ᠎ᠠ ᠦᠭᠡᠢ ᠪᠣᠯ ᠭᠡᠷ ᠡᠴᠡ ᠪᠡᠨ ᠭᠠᠷᠬᠤ ᠦᠭᠡᠢ ᠪᠠᠶᠢᠬᠤ ᠮᠡᠷᠭᠡᠵᠢᠯ ᠦᠨ ᠬᠢᠨ ᠦ ᠵᠥᠪᠯᠡᠮᠵᠢ ᠶᠢ ᠬᠡᠷᠡᠭᠵᠢᠭᠦᠯᠬᠦ ᠨᠢ ᠵᠦᠢᠲᠡᠢ᠃ ᠥᠪᠡᠷ ᠢ ᠪᠡᠨ ᠪᠣᠯᠤᠨ ᠭᠡᠷ ᠪᠦᠯᠢ ᠪᠡᠨ ᠬᠠᠮᠠᠭᠠᠯᠠᠬᠤ ᠬᠠᠮᠤᠭ ᠤᠨ ᠰᠠᠶᠢᠨ ᠸᠠᠺᠼᠢᠨ ᠪᠣᠯ ᠰᠠᠬᠢᠯᠭ᠎ᠠ ᠪᠠᠲᠤ ᠬᠠᠷᠢᠭᠤᠴᠠᠯᠭ᠎ᠠ ᠰᠢᠦ ᠭᠡᠪᠡ ᠭᠡᠵᠦ ᠵᠠᠰᠠᠭ ᠤᠨ ᠭᠠᠵᠠᠷ ᠤᠨ ᠬᠡᠪᠯᠡᠯ ᠮᠡᠳᠡᠭᠡᠯᠡᠯ ᠲᠡᠢ ᠬᠠᠷᠢᠯᠴᠠᠬᠤ ᠬᠡᠯᠲᠡᠰ ᠡᠴᠡ ᠮᠡᠳᠡᠭᠡᠯᠡᠯ᠎ᠡ᠃

ᠰᠡᠳᠬᠢᠭᠳᠡᠯ ᠦᠯᠡᠳᠡᠭᠡᠬᠦ