︽ᠬᠢᠴᠢᠶᠡᠩᠭᠦᠢ ᠪᠢᠴᠢᠭᠲᠡᠨ-2020︾ᠤᠷᠤᠯᠳᠤᠭᠠᠨ ᠪᠤᠯᠤᠨ᠎ᠠ | News.MN

︽ᠬᠢᠴᠢᠶᠡᠩᠭᠦᠢ ᠪᠢᠴᠢᠭᠲᠡᠨ-2020︾ᠤᠷᠤᠯᠳᠤᠭᠠᠨ ᠪᠤᠯᠤᠨ᠎ᠠ

ᠰᠤᠷᠤᠭᠴᠢᠳ ᠤᠨ ᠣᠶᠤᠨ ᠤᠬᠠᠭᠠᠨ᠂ ᠰᠡᠳᠬᠢᠨ ᠪᠣᠳᠣᠬᠤ ᠴᠢᠳᠠᠪᠤᠷᠢ ᠶᠢ ᠰᠠᠶᠢᠵᠢᠷᠠᠭᠤᠯᠬᠤ᠂ ᠨᠡᠶᠢᠭᠡᠮ ᠤᠨ ᠣᠷᠣᠯᠴᠠᠭ᠎ᠠ ᠶᠢ ᠳᠡᠭᠡᠭᠰᠢᠯᠡᠭᠦᠯᠬᠦ᠂ ᠡᠬᠡ ᠣᠷᠣᠨ ᠤ ᠬᠦᠭᠵᠢᠯ ᠳᠦ ᠬᠡᠦᠬᠡᠳ ᠦᠨ ᠣᠷᠣᠯᠴᠠᠭ᠎ᠠ ᠶᠢ ᠨᠡᠮᠡᠭᠳᠡᠭᠦᠯᠵᠦ᠂ ᠲᠡᠳᠡᠨ ᠳᠦ ᠪᠠᠭ᠎ᠠ ᠨᠠᠰᠤᠨ ᠠᠴᠠ ᠪᠠᠨ ᠢᠳᠡᠪᠬᠢ ᠰᠠᠨᠠᠭᠠᠴᠢᠯᠭ᠎ᠠ ᠲᠠᠢ ᠬᠠᠨᠳᠤᠬᠤ ᠬᠠᠨᠳᠤᠯᠭ᠎ᠠ ᠶᠢ ᠲᠥᠯᠦᠪᠰᠢᠭᠦᠯᠬᠦ᠂ ᠡᠬᠡ ᠬᠡᠯᠡ ᠪᠢᠴᠢᠭ ᠢᠶᠡᠨ ᠪᠦᠷᠢᠨ ᠡᠵᠡᠮᠰᠢᠭᠰᠡᠨ ᠢᠷᠭᠡᠨ ᠪᠣᠯᠵᠤ ᠬᠦᠮᠦᠵᠢᠭᠦᠯᠬᠦ ᠵᠣᠷᠢᠯᠭ᠎ᠠ ᠪᠠᠷ 《ᠬᠢᠴᠢᠶᠡᠩᠭᠦᠢ ᠪᠢᠴᠢᠭᠲᠡᠨ-2020》ᠭᠣᠪᠢ-ᠠᠯᠲᠠᠢ ᠠᠶᠢᠮᠠᠭ ᠤᠨ ᠤᠷᠤᠯᠳᠤᠭᠠᠨ ᠢ ᠵᠣᠬᠢᠶᠠᠨ ᠪᠠᠶᠢᠭᠤᠯᠵᠤ ᠪᠠᠶᠢᠨ᠎ᠠ᠃
ᠤᠭ ᠤᠷᠤᠯᠳᠤᠭᠠᠨ ᠢ ᠮᠣᠩᠭᠣᠯ ᠤᠨ ᠬᠡᠦᠬᠡᠳ ᠦᠨ ᠣᠷᠳᠣᠨ ᠠᠴᠠ ᠣᠷᠣᠨ ᠨᠤᠲᠤᠭ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠨᠤᠭᠤᠳ ᠤᠨ ᠠᠬᠠᠯᠠᠬᠤ᠂ ᠳᠤᠮᠳᠠ ᠠᠩᠬᠢ ᠶᠢᠨ ᠰᠤᠷᠤᠭᠴᠢᠳ ᠤᠨ ᠳᠤᠮᠳᠠ  ᠨᠠᠢ᠌ᠮᠠᠳᠠᠬᠢ ᠵᠢᠯ ᠳᠦ ᠪᠡᠨ ᠵᠠᠷᠯᠠᠭᠰᠠᠨ ᠲᠠᠢ ᠬᠣᠯᠪᠣᠭᠳᠠᠭᠤᠯᠤᠨ ᠡᠶᠢᠨᠬᠦᠦ ᠲᠤᠰ ᠠᠶᠢᠮᠠᠭ  ᠲᠤ ᠨᠢᠭᠡᠳᠦᠭᠡᠷ ᠱᠠᠲᠤᠨ ᠤ ᠤᠷᠤᠯᠳᠤᠭᠠᠨ ᠢ ᠵᠣᠬᠢᠶᠠᠨ ᠪᠠᠶᠢᠭᠤᠯᠵᠤ ᠪᠠᠶᠢᠭ᠎ᠠ ᠶᠤᠮ᠃ ᠤᠷᠤᠯᠳᠤᠭᠠᠨ ᠳᠤ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ  ᠶᠢᠨ 6-12 ᠳ᠋ᠤᠭᠠᠷ ᠠᠩᠬᠢ ᠶᠢᠨ ᠰᠤᠷᠤᠭᠴᠢᠳ ᠳ ∙ ᠨᠢᠮᠠᠰᠦ᠋ᠷᠦᠩ ᠦᠨ 《ᠳᠥᠷᠪᠡᠨ ᠴᠠᠭ》᠂ ᠮ ∙ ᠼᠡᠳᠡᠨᠳᠣᠷᠵᠢ ᠶᠢᠨ 《ᠮᠣᠷᠢᠨ ᠬᠤᠭᠤᠷ》 ᠰᠢᠯᠦᠭ ᠦᠳ ᠡᠴᠡ ᠰᠣᠩᠭᠣᠨ ᠮᠣᠩᠭᠣᠯ ᠪᠢᠴᠢᠭ ᠢᠶᠡᠷ ᠠᠯᠳᠠᠭ᠎ᠠ ᠦᠭᠡᠢ᠂ ᠴᠡᠪᠡᠷᠬᠡᠨ᠂ ᠬᠢᠴᠢᠶᠡᠩᠭᠦᠢ ᠪᠢᠴᠢᠵᠦ ᠤᠷᠤᠯᠴᠠᠬᠤ ᠶᠤᠮ᠃ ᠣᠷᠣᠯᠴᠠᠭᠴᠢᠳ ᠪᠦᠲᠦᠭᠡᠯ ᠢᠶᠡᠨ 11 ᠳ᠋ᠦ᠋ᠭᠡᠷ ᠰᠠᠷ᠎ᠠ ᠶᠢᠨ 15 ᠍ ᠤ 18 ᠴᠠᠭ ᠠᠴᠠ ᠡᠮᠦᠨ᠎ᠡ ᠭᠣᠪᠢ-ᠠᠯᠲᠠᠢ ᠠᠶᠢᠮᠠᠭ ᠤᠨ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ ᠲᠤ ᠢᠷᠡᠭᠦᠯᠬᠦ ᠶᠢ ᠰᠠᠨᠠᠭᠤᠯᠤᠯ᠎ᠠ᠃

ᠰᠡᠳᠬᠢᠭᠳᠡᠯ ᠦᠯᠡᠳᠡᠭᠡᠬᠦ