ᠬᠦᠮᠦᠨ ᠠᠮᠠ ᠶᠢᠨ ᠰᠠᠩ ᠤᠨ ᠬᠢᠨ ᠬᠠᠮᠠᠭᠠᠯᠠᠬᠤ ᠬᠡᠷᠡᠭᠰᠡᠯ ᠬᠠᠨᠳᠢᠪᠯᠠᠯ᠎ᠠ  | News.MN

ᠬᠦᠮᠦᠨ ᠠᠮᠠ ᠶᠢᠨ ᠰᠠᠩ ᠤᠨ ᠬᠢᠨ ᠬᠠᠮᠠᠭᠠᠯᠠᠬᠤ ᠬᠡᠷᠡᠭᠰᠡᠯ ᠬᠠᠨᠳᠢᠪᠯᠠᠯ᠎ᠠ 

ᠮᠣᠩᠭᠣᠯ ᠳ᠋ᠡᠬᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠦᠮᠦᠨ ᠠᠮᠠ ᠶᠢᠨ ᠰᠠᠩ ᠤᠨ ᠲᠡᠷᠢᠭᠦᠨ ᠺᠠᠤᠷᠢ ᠢᠱᠢᠺᠠᠸᠠ ᠲᠡᠷᠢᠭᠦᠲᠡᠢ ᠠᠵᠢᠯ ᠤᠨ ᠪᠠᠭ ᠥᠩᠭᠡᠷᠡᠭᠰᠡᠨ ᠳᠣᠯᠣᠭ᠎ᠠ ᠬᠣᠨᠣᠭ ᠲᠤ ᠪᠠᠶᠠᠨ-ᠥᠯᠥᠭᠡᠢ ᠠᠶᠢᠮᠠᠭ ᠲᠤ ᠠᠵᠢᠯᠯᠠᠯ᠎ᠠ᠃  ᠲᠡᠳᠡ ᠠᠶᠢᠮᠠᠭ ᠤᠨ ᠵᠠᠰᠠᠭ ᠳᠠᠷᠤᠭ᠎ᠠ ᠪᠣᠯᠤᠨ ᠡᠷᠡᠭᠦᠯ ᠮᠡᠨᠳᠦ ᠶᠢᠨ ᠰᠠᠯᠪᠤᠷᠢ ᠶᠢᠨ ᠤᠳᠤᠷᠢᠳᠤᠯᠭ᠎ᠠ ᠨᠠᠷ ᠲᠠᠢ ᠠᠭᠤᠯᠵᠠᠵᠤ᠂ ᠰᠠᠨᠠᠯ ᠰᠤᠯᠢᠯᠴᠠᠪᠠ᠃
ᠮᠥᠨ ᠠᠶᠢᠮᠠᠭ ᠤᠨ ᠨᠢᠭᠡᠳᠦᠭᠰᠡᠨ ᠡᠮᠨᠡᠯᠭᠡ ᠶᠢᠨ ᠲᠥᠷᠥᠬᠦ ᠲᠠᠰᠤᠭ ᠤᠨ ᠡᠮᠴᠢ ᠨᠠᠷ ᠲᠠᠢ ᠠᠭᠤᠯᠵᠠᠵᠤ᠂ ᠨᠢᠭᠡ ᠴᠡᠭ ᠦᠨ ᠦᠢᠯᠡᠴᠢᠯᠡᠭᠡᠨ ᠦ ᠲᠥᠪ᠂ ᠵᠠᠯᠠᠭᠤᠴᠤᠳ ᠤᠨ ᠬᠥᠭᠵᠢᠯ ᠦᠨ ᠲᠥᠪ᠂ ᠡᠷᠦᠬᠡ ᠶᠢᠨ ᠡᠷᠡᠭᠦᠯ ᠮᠡᠨᠳᠦ ᠶᠢᠨ ᠲᠥᠪ ᠦᠳ ᠦᠨ ᠦᠢᠯᠡ ᠠᠵᠢᠯᠯᠠᠭ᠎ᠠ ᠲᠠᠢ ᠲᠠᠨᠢᠯᠴᠠᠬᠤ ᠶᠢᠨ ᠰᠠᠴᠠᠭᠤ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠵᠢᠯ ᠳᠤ ᠵᠣᠷᠢᠭᠤᠯᠵᠤ 14.5 ᠰᠠᠶ᠎ᠠ ᠲᠥᠭᠥᠷᠢᠭ ᠦᠨ ᠦᠨ᠎ᠡ ᠪᠦᠬᠦᠢ ᠠᠷᠢᠭᠤᠳᠬᠠᠯ ᠤᠨ ᠪᠣᠳᠠᠰ᠂  ᠬᠤᠪᠢ ᠶᠢᠨ ᠬᠠᠮᠠᠭᠠᠯᠠᠬᠤ ᠬᠡᠷᠡᠭᠰᠡᠯ ᠦᠳ ᠢ ᠡᠷᠡᠭᠦᠯ ᠮᠡᠨᠳᠦ ᠶᠢᠨ ᠭᠠᠵᠠᠷ ᠲᠤ ᠭᠠᠷᠳᠠᠭᠤᠯᠤᠨ ᠥᠭᠭᠦᠯ᠎ᠡ᠃

ᠰᠡᠳᠬᠢᠭᠳᠡᠯ ᠦᠯᠡᠳᠡᠭᠡᠬᠦ