ᠮᠣᠩᠭᠣᠯᠴᠤᠳ ᠤᠨ ᠡᠪ ᠨᠢᠭᠡᠳᠦᠯ ᠢ ᠦᠨᠡᠯᠡᠵᠦ ᠪᠠᠶᠢᠨ᠎ᠠ  | News.MN

 ᠮᠣᠩᠭᠣᠯᠴᠤᠳ ᠤᠨ ᠡᠪ ᠨᠢᠭᠡᠳᠦᠯ ᠢ ᠦᠨᠡᠯᠡᠵᠦ ᠪᠠᠶᠢᠨ᠎ᠠ 

ᠡᠷᠡᠭᠦᠯ ᠮᠡᠨᠳᠦ ᠶᠢᠨ ᠶᠠᠮᠤᠨ ᠤ 17᠄00 ᠴᠠᠭ ᠤᠨ ᠡᠭᠡᠯᠵᠢᠲᠦ ᠬᠤᠷᠠᠯ ᠤᠨ ᠦᠶ᠎ᠡ ᠪᠡᠷ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ ᠰᠧᠷᠠᠭᠢ ᠳ᠋ᠢᠤᠷᠳᠢᠴᠠ ᠮᠡᠳᠡᠭᠡᠯᠡᠯ ᠥᠭᠭᠦᠯ᠎ᠡ᠃ ᠲᠡᠷᠡᠪᠡᠷ᠄ ᠨᠥᠬᠥᠴᠡᠯ ᠪᠠᠶᠢᠳᠠᠯ ᠬᠤᠷᠳᠤᠨ ᠥᠭᠡᠷᠡᠴᠢᠯᠡᠭᠳᠡᠵᠦ ᠪᠠᠶᠢᠭ᠎ᠠ ᠲᠤᠯᠠ ᠢᠷᠭᠡᠳ ᠭᠡᠷ ᠲᠦ ᠪᠡᠨ ᠪᠠᠶᠢᠬᠤ ᠬᠡᠷᠡᠭᠲᠡᠢ᠃ ᠣᠯᠠᠨ ᠤᠯᠤᠰ ᠣᠷᠣᠨ ᠨᠤᠭᠤᠳ ᠢᠷᠭᠡᠳ ᠢᠶᠡᠨ ᠬᠠᠮᠠᠭᠠᠯᠠᠬᠤ ᠶᠢᠨ ᠲᠤᠯᠠᠳᠠ ᠡᠨᠡ ᠪᠦᠬᠦ ᠠᠷᠭ᠎ᠠ ᠬᠡᠮᠵᠢᠶ᠎ᠡ ᠶᠢ ᠠᠪᠴᠤ ᠪᠠᠶᠢᠭ᠎ᠠ᠃
ᠪᠦᠬᠦ ᠬᠠᠪᠢᠲᠠᠯ ᠢ ᠢᠯᠡᠷᠡᠭᠦᠯᠵᠦ ᠲᠠᠩᠳᠠᠬᠤ ᠶᠢᠨ ᠲᠤᠯᠠᠳᠠ 14 ᠬᠣᠨᠣᠭ ᠱᠠᠭᠠᠷᠳᠠᠯᠭ᠎ᠠ ᠲᠠᠢ᠃ ᠲᠥᠷᠥ ᠡᠴᠡ ᠭᠠᠷᠭᠠᠵᠤ ᠪᠠᠶᠢᠭ᠎ᠠ ᠰᠢᠢᠳᠪᠦᠷᠢ ᠶᠢ ᠳᠠᠭᠠᠵᠤ᠂ ᠭᠡᠷ ᠪᠦᠯᠢ ᠬᠠᠮᠲᠤ ᠣᠯᠠᠨ ᠢᠶᠠᠨ ᠬᠠᠮᠠᠭᠠᠯᠠᠬᠤ ᠶᠢ ᠲᠠ ᠪᠦᠬᠦᠨ ᠡᠴᠡ ᠬᠦᠰᠡᠵᠦ ᠪᠠᠶᠢᠨ᠎ᠠ᠃ ᠮᠣᠩᠭᠣᠯᠴᠤᠳ ᠤᠨ ᠡᠪ ᠨᠢᠭᠡᠳᠦᠯ ᠢ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠦᠨᠡᠯᠡᠵᠦ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ