᠍ ᠢᠷᠡᠬᠦ ᠵᠢᠯ 42 ᠰᠠᠶ᠎ᠠ ᠲᠣᠨ ᠢ ᠭᠠᠷᠭᠠᠬᠤ ᠲᠥᠯᠥᠪᠯᠡᠭᠡ ᠪᠤᠢ  | News.MN

᠍ ᠢᠷᠡᠬᠦ ᠵᠢᠯ 42 ᠰᠠᠶ᠎ᠠ ᠲᠣᠨ ᠢ ᠭᠠᠷᠭᠠᠬᠤ ᠲᠥᠯᠥᠪᠯᠡᠭᠡ ᠪᠤᠢ 

ᠵᠠᠰᠠᠭ ᠤᠨ ᠭᠠᠵᠠᠷ ᠤᠨ ᠬᠤᠷᠠᠯᠳᠤᠭᠠᠨ ᠤ ᠳᠠᠷᠠᠭᠠᠬᠢ ᠮᠡᠳᠡᠭᠡᠯᠡᠯ ᠦᠨ ᠦᠶ᠎ᠡ ᠪᠡᠷ ᠠᠭᠤᠯᠠ ᠠᠭᠤᠷᠬᠠᠢ ᠶᠢᠨ ᠪᠦᠲᠦᠭᠡᠭᠳᠡᠬᠦᠨ ᠦ ᠡᠺᠰᠫᠣᠷᠲ ᠢ ᠨᠡᠮᠡᠭᠳᠡᠭᠦᠯᠬᠦ ᠳᠦ ᠠᠪᠴᠤ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯ᠎ᠠ ᠪᠠᠷ ᠠᠭᠤᠯᠠ ᠠᠭᠤᠷᠬᠠᠢ ᠬᠦᠨᠳᠦ ᠦᠢᠯᠡᠳᠪᠦᠷᠢ ᠶᠢᠨ ᠶᠠᠮᠤᠨ ᠤ ᠰᠠᠶᠢᠳ ᠭ ∙ ᠶᠤᠨᠳᠤᠨ ᠮᠡᠳᠡᠭᠡᠯᠡᠯ ᠥᠭᠭᠦᠯ᠎ᠡ᠃
ᠲᠡᠷᠡᠪᠡᠷ᠄ ᠡᠨᠡ ᠬᠠᠭᠠᠰ ᠵᠢᠯ ᠦᠨ ᠪᠠᠶᠢᠳᠠᠯ ᠢᠶᠠᠷ ᠴᠠᠷ᠎ᠠ ᠲᠠᠬᠤᠯ ᠤᠨ ᠨᠥᠯᠥᠭᠡ ᠪᠡᠷ ᠨᠡᠭᠦᠷᠡᠰᠦᠨ ᠦ ᠡᠺᠰᠫᠣᠷᠲ 52% ᠍ ᠪᠠᠷ ᠲᠠᠰᠤᠷᠠᠭᠰᠠᠨ᠃ ᠡᠬᠢᠨ ᠦ ᠠᠷᠪᠠᠨ ᠰᠠᠷ᠎ᠠ ᠶᠢᠨ ᠪᠠᠶᠢᠳᠠᠯ ᠢᠶᠠᠷ ᠨᠡᠭᠦᠷᠡᠰᠦ ᠭᠠᠷᠭᠠᠯᠲᠠ 25 ᠰᠠᠶ᠎ᠠ ᠣᠷᠴᠢᠮ ᠲᠣᠨ ᠪᠠᠶᠢᠨ᠎ᠠ᠃ ᠰᠡᠭᠦᠯ ᠦᠨ ᠳᠥᠷᠪᠡᠨ ᠰᠠᠷ᠎ᠠ ᠶᠢᠨ ᠳᠣᠲᠣᠷ᠎ᠠ 14 ᠰᠠᠶ᠎ᠠ ᠲᠣᠨ ᠨᠡᠭᠦᠷᠡᠰᠦ ᠭᠠᠷᠭᠠᠭᠰᠠᠨ᠃ ᠡᠨᠡ ᠨᠢ ᠰᠠᠷ᠎ᠠ ᠳᠤ ᠳᠤᠮᠳᠠᠴᠢ ᠪᠠᠷ 3.5 ᠰᠠᠶ᠎ᠠ ᠲᠣᠨ ᠪᠣᠯᠵᠤ ᠪᠠᠶᠢᠭ᠎ᠠ ᠭᠡᠰᠡᠨ ᠦᠭᠡ᠃ ᠨᠣᠭᠣᠭᠠᠨ ᠭᠠᠷᠴᠠ ᠶᠢᠨ ᠵᠢᠷᠤᠮ ᠬᠡᠷᠡᠭᠵᠢᠵᠦ ᠡᠬᠢᠯᠡᠭᠰᠡᠨ ᠢᠶᠡᠷ ᠨᠡᠭᠦᠷᠡᠰᠦᠨ ᠦ ᠭᠠᠷᠭᠠᠯᠲᠠ ᠶᠢ ᠡᠮᠦᠨᠡᠬᠢ ᠨᠥᠬᠥᠴᠡᠯ ᠪᠠᠶᠢᠳᠠᠯ ᠳᠤ ᠬᠦᠷᠭᠡᠵᠦ ᠴᠢᠳᠠᠭᠰᠠᠨ᠃ ᠢᠷᠡᠬᠦ ᠵᠢᠯ 42 ᠰᠠᠶ᠎ᠠ ᠲᠣᠨ ᠨᠡᠭᠦᠷᠡᠰᠦ ᠭᠠᠷᠭᠠᠨ᠎ᠠ ᠭᠡᠰᠡᠨ ᠲᠥᠯᠥᠪᠯᠡᠭᠡ ᠪᠤᠢ᠃

ᠭᠠᠰᠢᠭᠤᠨᠰᠤᠬᠠᠢᠲᠤ᠂ ᠰᠢᠪᠡᠭᠡ ᠬᠦᠷᠡᠩ ᠪᠣᠭᠣᠮᠲᠠ ᠶᠢᠨ ᠬᠣᠭᠣᠷᠣᠨᠳᠣ ᠲᠡᠭᠡᠭᠡᠪᠦᠷᠢᠯᠡᠯᠲᠡ ᠬᠢᠵᠦ ᠪᠠᠶᠢᠭ᠎ᠠ ᠵᠢᠯᠣᠭᠣᠴᠢ ᠨᠠᠷ ᠢ ᠰᠢᠨᠵᠢᠯᠡᠭᠡᠨ ᠳᠦ ᠬᠠᠮᠤᠷᠤᠭᠤᠯᠤᠭᠰᠠᠨ ᠢᠶᠠᠷ ᠲᠤᠰ ᠪᠥᠰᠡ ᠨᠤᠲᠤᠭ ᠢ ᠨᠣᠭᠣᠭᠠᠨ ᠪᠥᠰᠡ ᠪᠡᠷ ᠵᠠᠷᠯᠠᠬᠤ ᠲᠤᠬᠠᠢ ᠠᠰᠠᠭᠤᠳᠠᠯ ᠶᠡᠷᠦᠩᠬᠡᠢ ᠰᠠᠶᠢᠳ ᠤᠨ ᠲᠣᠭᠲᠠᠭᠠᠯ ᠳᠤ ᠳᠤᠷᠠᠳᠤᠭᠳᠠᠭᠰᠠᠨ᠃
ᠴᠢᠨᠠᠭᠰᠢᠳᠠ ᠠᠦ᠋ᠲ᠋ᠣᠮᠠᠲ ᠳᠡᠭᠡᠵᠢ ᠠᠪᠤᠭᠴᠢ᠂ ᠷᠧᠨ᠋ᠲ᠋ᠭᠧᠨ ᠲᠥᠬᠥᠭᠡᠷᠦᠮᠵᠢ᠂ ᠯᠠᠪᠤᠷᠠᠲ᠋ᠣᠷᠢ ᠵᠡᠷᠭᠡ ᠰᠢᠨ᠎ᠡ ᠲᠧᠭᠨᠢᠭ ᠲᠧᠭᠨᠣᠯᠣᠭᠢ ᠶᠢ ᠨᠡᠪᠲᠡᠷᠡᠭᠦᠯᠦᠭᠰᠡᠨ ᠢᠶᠡᠷ ᠨᠡᠭᠦᠷᠡᠰᠦᠨ ᠦ ᠡᠺᠰᠫᠣᠷᠲ ᠤᠨ ᠭᠠᠷᠴᠠ ᠶᠢ ᠨᠡᠮᠡᠭᠳᠡᠭᠦᠯᠬᠦ ᠪᠣᠯᠤᠮᠵᠢ ᠲᠠᠢ᠃
ᠮᠥᠨ ᠬᠠᠩᠭᠢ᠂ ᠵᠠᠮ ᠤᠨ ᠡᠭᠦᠳᠡ ᠶᠢᠨ ᠪᠣᠭᠣᠮᠲᠠ ᠶᠢᠨ ᠦᠢᠯᠡ ᠠᠵᠢᠯᠯᠠᠭ᠎ᠠ ᠶᠢ ᠢᠳᠡᠪᠬᠢᠵᠢᠭᠦᠯᠦᠭᠰᠡᠨ ᠢᠶᠡᠷ ᠨᠡᠭᠦᠷᠡᠰᠦᠨ ᠦ ᠭᠠᠷᠤᠯᠲᠠ ᠨᠡᠮᠡᠭᠳᠡᠬᠦ ᠪᠣᠯᠤᠮᠵᠢ ᠪᠤᠢ ᠭᠡᠵᠦ ᠬᠠᠷᠠᠵᠤ ᠪᠠᠶᠢᠨ᠎ᠠ ᠭᠡᠪᠡ᠃

ᠰᠡᠳᠬᠢᠭᠳᠡᠯ ᠦᠯᠡᠳᠡᠭᠡᠬᠦ