《ᠮᠣᠩᠭᠣᠯ ᠢ ᠵᠥᠪ ᠲᠠᠨᠢᠶ᠎ᠠ》 ᠠᠶᠠᠨ ᠥᠷᠨᠢᠭᠦᠯᠵᠦ ᠡᠬᠢᠯᠡᠵᠡᠢ  | News.MN

《ᠮᠣᠩᠭᠣᠯ ᠢ ᠵᠥᠪ ᠲᠠᠨᠢᠶ᠎ᠠ》 ᠠᠶᠠᠨ ᠥᠷᠨᠢᠭᠦᠯᠵᠦ ᠡᠬᠢᠯᠡᠵᠡᠢ 

ᠪᠦᠭᠦᠳᠡ ᠨᠠᠢᠷᠠᠮᠳᠠᠬᠤ ᠰᠤᠯᠤᠩᠭᠤᠰ ᠤᠯᠤᠰ ᠂ ᠮᠣᠩᠭᠣᠯ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠶᠢ ᠲᠣᠬᠢᠶᠠᠯᠳᠤᠭᠤᠯᠤᠨ ᠺᠢᠪᠧᠷ ᠳ᠋ᠢᠫᠯᠣᠮᠠᠲ ᠲᠥᠯᠥᠭᠡᠯᠡᠭᠴᠢ ᠶᠢᠨ ᠭᠠᠵᠠᠷ VANK ᠰᠣᠯᠣᠩᠭᠣᠰ ᠮᠣᠩᠭᠣᠯ ᠤᠨ ᠰᠤᠶᠤᠯ ᠲᠡᠦᠬᠡ ᠶᠢᠨ ᠲᠠᠯ᠎ᠠ ᠪᠠᠷ ᠵᠥᠪ ᠮᠡᠳᠡᠭᠡᠯᠡᠯᠠᠭᠤᠯᠤᠭᠰᠠᠨ ᠺᠠᠷᠲ ᠤᠳ ᠢ ᠪᠦᠲᠦᠭᠡᠨ ᠲᠠᠨᠢᠯᠴᠠᠭᠤᠯᠵᠠᠢ᠃ ᠺᠠᠷᠲ ᠤᠳ ᠳᠡᠭᠡᠷ᠎ᠡ ᠮᠣᠩᠭᠣᠯ ᠤᠯᠤᠰ ᠤᠨ ᠲᠡᠦᠬᠡ ᠰᠤᠶᠤᠯ ᠢ ᠰᠣᠯᠣᠩᠭᠣᠰ ᠤᠨ ᠢᠵᠢᠯ ᠲᠥᠰᠲᠡᠢ ᠵᠦᠢᠯ ᠦᠳ ᠲᠡᠢ ᠬᠠᠷᠢᠴᠠᠭᠤᠯᠤᠨ ᠲᠠᠶᠢᠯᠪᠤᠷᠢᠯᠠᠵᠤ᠂ ᠠᠩᠭᠯᠢ᠂ ᠰᠣᠯᠣᠩᠭᠣᠰ᠂ ᠮᠣᠩᠭᠣᠯ ᠬᠡᠯᠡ ᠪᠡᠷ ᠬᠡᠪᠯᠡᠭᠰᠡᠨ ᠶᠤᠮ᠃ ᠲᠤᠬᠠᠶᠢᠯᠠᠪᠠᠯ᠂ ᠮᠣᠩᠭᠣᠯ ᠭᠡᠷ ᠢ ᠰᠣᠯᠣᠩᠭᠣᠰ ᠬᠠᠨᠤᠭ ᠲᠠᠢ᠂ ᠮᠣᠷᠢᠨ ᠬᠤᠭᠤᠷ ᠢ ᠰᠣᠯᠣᠩᠭᠣᠰ ᠭᠤᠷᠶᠤ᠋ ᠤᠯᠤᠰ ᠤᠨ ᠦᠶ᠎ᠡ ᠡᠴᠡ ᠬᠣᠶᠢᠰᠢ ᠠᠷᠠᠳ ᠤᠨ ᠳᠠᠭᠤᠤ ᠨᠤᠭᠤᠳ ᠢ ᠬᠦᠭᠵᠢᠮᠳᠡᠵᠦ ᠢᠷᠡᠭᠰᠡᠨ ᠾᠸᠭᠢᠮ ᠬᠥᠭᠵᠢᠮ ᠲᠡᠢ ᠬᠠᠷᠢᠴᠠᠭᠤᠯᠵᠤ᠂ ᠣᠶᠢᠯᠠᠭᠠᠬᠤ ᠳᠤ ᠢᠯᠡᠭᠦᠦ ᠠᠮᠠᠷ ᠪᠣᠯᠭᠠᠵᠠᠢ᠃
ᠡᠨᠡᠬᠦ ᠺᠠᠷᠲ ᠤᠳ ᠨᠢ ᠧᠦ᠋ᠷᠣᠫᠠ᠂ ᠠᠮᠧᠷᠢᠺᠠ ᠲᠡᠷᠢᠭᠦᠲᠡᠢ ᠳᠡᠯᠡᠬᠡᠢ ᠶᠢᠨ ᠥᠨᠴᠥᠭ ᠪᠤᠯᠤᠩ ᠪᠦᠷᠢ ᠳᠦ ᠪᠠᠶᠢᠭ᠎ᠠ ᠬᠦᠮᠦᠰ ᠦᠨ ᠠᠽᠢᠶ᠎ᠠ ᠶᠢᠨ ᠲᠠᠯ᠎ᠠ ᠪᠠᠷ ᠬᠡᠲᠦᠷᠬᠡᠢ ᠨᠢᠭᠡ ᠲᠠᠯ᠎ᠠ ᠶᠢ ᠪᠠᠷᠢᠭᠰᠠᠨ ᠦᠵᠡᠯ ᠢ ᠥᠭᠡᠷᠡᠴᠢᠯᠡᠬᠦ ᠵᠣᠷᠢᠯᠭ᠎ᠠ ᠪᠠᠷ ᠠᠽᠢᠶ᠎ᠠ ᠶᠢᠨ ᠬᠥᠭᠵᠢᠯ ᠦᠨ ᠰᠠᠩ ᠠᠴᠠ ᠬᠡᠷᠡᠭᠵᠢᠭᠦᠯᠵᠦ ᠪᠤᠢ 《ᠠᠽᠢᠶ᠎ᠠ ᠶᠢᠨ ᠬᠥᠭᠵᠢᠯ ᠦᠨ ᠲᠥᠰᠥᠯ ᠦᠳ》  ᠤᠨ ᠨᠢᠭᠡ ᠶᠤᠮ᠃

ᠰᠡᠳᠬᠢᠭᠳᠡᠯ ᠦᠯᠡᠳᠡᠭᠡᠬᠦ