ᠭᠧᠷᠮᠠᠨ ᠤᠯᠤᠰ 22 ᠰᠠᠶ᠎ᠠ ᠡᠸᠦ᠋ᠷᠤ᠋ ᠶᠢᠨ ᠲᠤᠰᠠᠯᠠᠮᠵᠢ ᠦᠵᠡᠭᠦᠯᠦᠨ᠎ᠡ | News.MN

ᠭᠧᠷᠮᠠᠨ ᠤᠯᠤᠰ 22 ᠰᠠᠶ᠎ᠠ ᠡᠸᠦ᠋ᠷᠤ᠋ ᠶᠢᠨ ᠲᠤᠰᠠᠯᠠᠮᠵᠢ ᠦᠵᠡᠭᠦᠯᠦᠨ᠎ᠡ

 

ᠮᠣᠩᠭᠣᠯ᠂ ᠭᠧᠷᠮᠠᠨ ᠤ ᠵᠠᠰᠠᠭ ᠤᠨ ᠭᠠᠵᠠᠷ ᠤᠨ ᠬᠥᠭᠵᠢᠯ ᠦᠨ ᠪᠣᠳᠣᠯᠭ᠎ᠠ ᠶᠢᠨ ᠬᠠᠮᠲᠤ ᠶᠢᠨ ᠠᠵᠢᠯᠯᠠᠭᠠᠨ ᠤ ᠬᠡᠯᠡᠯᠴᠡᠭᠡ ᠪᠣᠯᠵᠤ᠂ 11 ᠰᠠᠷ᠎ᠠ ᠶᠢᠨ19 ᠳᠤ ᠥᠨᠳᠥᠷᠯᠡᠯ᠎ᠡ᠃ ᠬᠡᠯᠡᠯᠴᠡᠭᠡᠨ ᠦ ᠦᠷ᠎ᠡ ᠳ᠋ᠦᠩ ᠳᠦ ᠬᠥᠭᠵᠢᠯ ᠦᠨ ᠪᠣᠳᠣᠯᠭ᠎ᠠ ᠶᠢᠨ ᠬᠠᠮᠲᠤ ᠶᠢᠨ ᠠᠵᠢᠯᠯᠠᠭᠠᠨ ᠤ ᠲᠡᠷᠢᠭᠦᠯᠡᠬᠦ ᠴᠢᠭᠯᠡᠯ ᠪᠣᠯᠬᠤ ᠡᠳ᠋ ᠍ ᠦᠨ ᠵᠠᠰᠠᠭ ᠤᠨ ᠲᠣᠭᠲᠠᠪᠤᠷᠢᠲᠠᠢ ᠬᠥᠭᠵᠢᠯ ᠢ ᠬᠠᠩᠭᠠᠬᠤ᠂ ᠡᠷᠴᠢᠮ ᠬᠦᠴᠦᠨ ᠦ ᠦᠷ᠎ᠡ ᠠᠰᠢᠭ ᠢ ᠨᠡᠮᠡᠬᠦ᠂ ᠪᠢᠣᠯᠣᠭᠢ ᠶᠢᠨ ᠣᠯᠠᠨ ᠶᠠᠩᠵᠤ ᠪᠠᠶᠢᠳᠠᠯ ᠢ ᠬᠠᠮᠠᠭᠠᠯᠠᠬᠤ ᠲᠥᠰᠥᠯ ᠦᠳ ᠲᠦ 22 ᠰᠠᠶ᠎ᠠ ᠡᠸᠦ᠋ᠷᠤ᠋ ᠶᠢᠨ ᠲᠤᠰᠠᠯᠠᠮᠵᠢ ᠶᠢ ᠭᠧᠷᠮᠠᠨ ᠤ ᠲᠠᠯ᠎ᠠ ᠣᠯᠭᠤᠬᠤ ᠪᠠᠷ ᠪᠣᠯᠵᠠᠢ᠃
ᠮᠣᠩᠭᠣᠯ ᠤᠯᠤᠰ ᠤᠨ ᠬᠦᠮᠦᠨ ᠦ ᠬᠥᠭᠵᠢᠯ ᠦᠨ ᠢᠨᠳᠧᠺᠰ ᠰᠠᠶᠢᠵᠢᠷᠠᠵᠤ᠂ ᠪᠠᠭ᠎ᠠ ᠳᠤᠮᠳᠠ ᠣᠷᠣᠯᠭ᠎ᠠ ᠲᠠᠢ ᠣᠷᠣᠨ ᠨᠤᠭᠤᠳ ᠤᠨ ᠡᠩᠨᠡᠭᠡᠨ ᠳᠦ ᠰᠢᠯᠵᠢᠭᠰᠡᠨ ᠲᠤᠯᠠ ᠭᠧᠷᠮᠠᠨ ᠤᠯᠤᠰ ᠠᠯᠪᠠᠨ ᠶᠣᠰᠣᠨ ᠤ ᠬᠥᠭᠵᠢᠯ ᠦᠨ ᠬᠠᠮᠲᠤ ᠶᠢᠨ ᠠᠵᠢᠯᠯᠠᠭ᠎ᠠ  ᠪᠠᠨ ᠵᠠᠶᠢᠯᠠᠰᠢ ᠦᠭᠡᠢ ᠲᠤᠰᠠᠯᠠᠯᠴᠠᠭ᠎ᠠ ᠱᠠᠭᠠᠷᠳᠠᠯᠭ᠎ᠠ ᠲᠠᠢ ᠪᠠᠶᠢᠭ᠎ᠠ ᠪᠤᠰᠤᠳ ᠤᠯᠤᠰ ᠣᠷᠣᠨ ᠨᠤᠭᠤᠳ ᠲᠤ ᠴᠢᠭᠯᠡᠭᠦᠯᠬᠦ ᠪᠡᠷ ᠪᠣᠯᠤᠭᠰᠠᠨ ᠢᠶᠠᠨ ᠮᠡᠳᠡᠭᠳᠡᠭᠰᠡᠨ ᠪᠠᠶᠢᠨ᠎ᠠ᠃ ᠢᠩᠭᠢᠭᠰᠡᠨ ᠢᠶᠡᠷ ᠬᠠᠮᠲᠤᠷᠠᠨ ᠬᠡᠷᠡᠭᠵᠢᠭᠦᠯᠵᠦ ᠪᠤᠢ ᠲᠥᠰᠥᠯ᠂ ᠬᠥᠲᠥᠯᠪᠦᠷᠢ ᠨᠦᠭᠦᠳ ᠢᠶᠡᠨ 2025 ᠣᠨ ᠬᠦᠷᠲᠡᠯ᠎ᠡ ᠬᠡᠷᠡᠭᠵᠢᠭᠦᠯᠦᠨ ᠳᠠᠭᠤᠰᠬᠠᠵᠤ᠂ 30 ᠣᠷᠴᠢᠮ ᠵᠢᠯ ᠦᠷᠭᠦᠯᠵᠢᠯᠡᠭᠰᠡᠨ ᠮᠣᠩᠭᠣᠯ᠂ ᠭᠧᠷᠮᠠᠨ ᠤ ᠠᠯᠪᠠᠨ ᠶᠣᠰᠣᠨ ᠤ ᠬᠥᠭᠵᠢᠯ ᠦᠨ ᠬᠠᠮᠲᠤ ᠶᠢᠨ ᠠᠵᠢᠯᠯᠠᠭ᠎ᠠ ᠥᠨᠳᠥᠷᠯᠡᠬᠦ ᠶᠤᠮ᠃ ᠴᠢᠨᠠᠭᠰᠢᠳᠠ ᠢᠷᠭᠡᠨ ᠦ ᠨᠡᠶᠢᠭᠡᠮ᠂ ᠬᠤᠪᠢ ᠶᠢᠨ ᠬᠡᠪᠰᠢᠯ ᠦᠨ ᠬᠥᠭᠵᠢᠯ ᠢ ᠳᠡᠮᠵᠢᠬᠦ ᠵᠡᠷᠭᠡ ᠬᠣᠶᠠᠷ ᠣᠷᠣᠨ ᠤ ᠨᠡᠶᠢᠲᠡᠯᠢᠭ ᠠᠰᠢᠭ ᠰᠣᠨᠢᠷᠬᠠᠯ ᠳᠤ ᠨᠡᠶᠢᠴᠡᠭᠰᠡᠨ ᠰᠠᠯᠪᠤᠷᠢ ᠳᠤ ᠬᠠᠮᠲᠤ ᠶᠢᠨ ᠠᠵᠢᠯᠯᠠᠭ᠎ᠠ ᠲᠣᠭᠲᠠᠪᠤᠷᠢᠲᠠᠢ ᠦᠷᠭᠦᠯᠵᠢᠯᠡᠨ᠎ᠡ ᠬᠡᠮᠡᠨ ᠲᠠᠯ᠎ᠠ ᠨᠤᠭᠤᠳ ᠮᠡᠳᠡᠭᠳᠡᠵᠡᠢ᠃

ᠰᠡᠳᠬᠢᠭᠳᠡᠯ ᠦᠯᠡᠳᠡᠭᠡᠬᠦ