ᠠᠷᠠᠳᠴᠢᠯᠠᠭᠰᠠᠨ ᠨᠠᠮ ᠤᠨ ᠦᠨᠳᠦᠰᠦᠨ ᠦ ᠪᠤᠳᠤᠯᠭ᠎ᠠ ᠶᠢᠨ ᠬᠤᠷᠢᠶ᠎ᠠ ᠬᠤᠷᠠᠯᠳᠤᠯ᠎ᠠ  | News.MN

ᠠᠷᠠᠳᠴᠢᠯᠠᠭᠰᠠᠨ ᠨᠠᠮ ᠤᠨ ᠦᠨᠳᠦᠰᠦᠨ ᠦ ᠪᠤᠳᠤᠯᠭ᠎ᠠ ᠶᠢᠨ ᠬᠤᠷᠢᠶ᠎ᠠ ᠬᠤᠷᠠᠯᠳᠤᠯ᠎ᠠ 

11 ᠰᠠᠷ᠎ᠠ ᠶᠢᠨ19 ᠳᠤ ᠠᠷᠠᠳᠴᠢᠯᠠᠭᠰᠠᠨ ᠨᠠᠮ ᠤᠨ ᠦᠨᠳᠦᠰᠦᠨ ᠦ ᠪᠣᠳᠣᠯᠭ᠎ᠠ ᠶᠢᠨ ᠬᠣᠷᠢᠶ᠎ᠠ ᠴᠠᠬᠢᠮ ᠢᠶᠠᠷ ᠬᠤᠷᠠᠯᠳᠤᠯ᠎ᠠ᠃ ᠬᠤᠷᠠᠯᠳᠤᠭᠠᠨ ᠢᠶᠠᠷ ᠴᠠᠷ᠎ᠠ ᠲᠠᠬᠤᠯ ᠤᠨ ᠦᠶ᠎ᠡ ᠶᠢᠨ ᠡᠳ᠋ ᠍ ᠦᠨ ᠵᠠᠰᠠᠭ᠂ 2021 ᠣᠨ ᠤ ᠲᠥᠰᠥᠪ ᠦᠨ ᠠᠯᠳᠠᠭ᠎ᠠ ᠳᠤᠲᠠᠭᠳᠠᠯ᠂  ᠵᠠᠰᠠᠵᠤ ᠵᠠᠯᠠᠷᠠᠭᠤᠯᠬᠤ ᠪᠣᠯᠤᠮᠵᠢ ᠶᠢ ᠡᠷᠢᠯᠬᠢᠯᠡᠵᠦ ᠮᠡᠳᠡᠭᠡᠯᠡᠯ ᠰᠤᠯᠢᠯᠴᠠᠪᠠ᠃
ᠴᠠᠬᠢᠮ ᠬᠤᠷᠠᠯ ᠳᠤ ᠠᠷᠠᠳᠴᠢᠯᠠᠭᠰᠠᠨ ᠨᠠᠮ ᠍ ᠤᠨ ᠦᠨᠳᠦᠰᠦᠨ ᠦ ᠪᠣᠳᠣᠯᠭ᠎ᠠ ᠶᠢᠨ ᠬᠣᠷᠢᠶᠠᠨ ᠤ 140 ᠭᠠᠷᠤᠢ̆ ᠭᠡᠰᠢᠭᠦᠨ ᠣᠷᠣᠯᠴᠠᠵᠤ᠂ ᠰᠠᠨᠠᠯ ᠪᠣᠳᠣᠯ ᠢᠶᠠᠨ ᠬᠤᠪᠢᠶᠠᠯᠴᠠᠯ᠎ᠠ᠃ ᠲᠣᠳᠣᠷᠠᠭᠤᠯᠪᠠᠯ᠂ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠭᠡᠰᠢᠭᠦᠨ ᠲ∙ᠪᠠᠲᠤᠴᠤᠭᠲᠤ᠂ ᠡᠳ᠋ ᠍ ᠦᠨ ᠵᠠᠰᠠᠭᠴᠢ ᠼ∙ᠡᠷᠳᠡᠨᠢᠪᠠᠲᠤ᠂ ᠫ∙ᠮᠥᠩᠬᠡᠲᠤᠯᠭ᠎ᠠ᠂ ᠨᠡᠶᠢᠰᠯᠡᠯ ᠦᠨ ᠢᠷᠭᠡᠳ ᠦᠨ ᠲᠥᠯᠥᠭᠡᠯᠡᠭᠴᠢᠳ ᠦᠨ ᠬᠤᠷᠠᠯ ᠤᠨ ᠲᠥᠯᠥᠭᠡᠯᠡᠭᠴᠢ ᠳ∙ ᠫᠦᠷᠪᠦᠳᠠᠭᠪᠠ  ᠨᠠᠷ  ᠡᠳ᠋ ᠦᠨ ᠵᠠᠰᠠᠭ᠂ 2021 ᠣᠨ ᠤ ᠤᠯᠤᠰ ᠤᠨ ᠪᠣᠯᠤᠨ ᠨᠡᠢᠰᠯᠡᠯ ᠦᠨ ᠲᠦᠰᠦᠪ ᠲᠠᠢ ᠬᠤᠯᠪᠤᠭ᠎ᠠ ᠲᠠᠢ ᠰᠤᠳᠤᠯᠭ᠎ᠠ᠂ ᠳ᠋ᠦᠩᠨᠡᠯᠲᠡ ᠪᠡᠨ ᠲᠠᠨᠢᠯᠴᠠᠭᠤᠯᠤᠭᠰᠠᠨ ᠶᠤᠮ᠃

ᠰᠡᠳᠬᠢᠭᠳᠡᠯ ᠦᠯᠡᠳᠡᠭᠡᠬᠦ