ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠲᠤᠬᠠᠢ ᠬᠠᠤᠯᠢ ᠶᠢ ᠵᠠᠰᠠᠬᠤ ᠱᠠᠭᠠᠷᠳᠠᠯᠭ᠎ᠠ ᠲᠠᠢ  | News.MN

ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠲᠤᠬᠠᠢ ᠬᠠᠤᠯᠢ ᠶᠢ ᠵᠠᠰᠠᠬᠤ ᠱᠠᠭᠠᠷᠳᠠᠯᠭ᠎ᠠ ᠲᠠᠢ 

ᠠᠷᠠᠳᠴᠢᠯᠠᠭᠰᠠᠨ ᠨᠠᠮ ᠤᠨ ᠪᠦᠯᠦᠭ 11 ᠰᠠᠷ᠎ᠠ ᠶᠢᠨ23 ᠳᠦ ᠴᠠᠬᠢᠮ ᠢᠶᠠᠷ ᠬᠤᠷᠠᠯᠳᠤᠵᠤ᠂ ᠵᠠᠷᠢᠮ ᠠᠰᠠᠭᠤᠳᠠᠯ ᠢᠶᠠᠷ ᠪᠠᠶᠢᠷᠢ ᠰᠠᠭᠤᠷᠢ ᠪᠠᠨ ᠨᠢᠭᠡᠳᠬᠡᠵᠡᠢ᠃ ᠲᠤᠬᠠᠶᠢᠯᠠᠪᠠᠯ᠂ ︽ᠭᠠᠶᠢᠯᠢ ᠶᠢᠨ ᠠᠯᠪᠠᠨ ᠲᠠᠲᠠᠪᠤᠷᠢ ᠠᠴᠠ ᠴᠢᠯᠦᠭᠡᠯᠡᠬᠦ ᠲᠤᠬᠠᠢ︾ ᠪᠣᠯᠤᠨ ︽ᠨᠡᠮᠡᠭᠳᠡᠭᠰᠡᠨ ᠥᠷᠲᠡᠭ ᠦᠨ ᠠᠯᠪᠠᠨ ᠲᠠᠲᠠᠪᠤᠷᠢ ᠠᠴᠠ ᠴᠢᠯᠦᠭᠡᠯᠡᠬᠦ ᠲᠤᠬᠠᠢ︾ ᠬᠠᠤᠯᠢ ᠶᠢᠨ ᠲᠥᠰᠥᠯ ᠢ ᠬᠡᠯᠡᠯᠴᠡᠵᠦ ᠳᠡᠭᠡᠷᠡᠬᠢ ᠬᠠᠤᠯᠢ ᠶᠢᠨ ᠲᠥᠰᠥᠯ ᠦᠳ ᠢ ᠳᠡᠮᠵᠢᠨ᠎ᠡ ᠭᠡᠳᠡᠭ ᠢᠶᠡᠨ ᠮᠡᠳᠡᠭᠳᠡᠪᠡ᠃ ᠬᠠᠷᠢᠨ ︽ᠶᠡᠷᠦᠩᠬᠡᠶᠢᠯᠡᠭᠴᠢ ᠶᠢᠨ ᠰᠣᠩᠭᠣᠭᠤᠯᠢ ᠶᠢᠨ ᠲᠤᠬᠠᠢ︾ ᠬᠠᠤᠯᠢ ᠶᠢᠨ ᠲᠥᠰᠥᠯ ᠪᠣᠯᠤᠨ ᠬᠠᠮᠲᠤ ᠡᠷᠭᠦᠨ ᠮᠡᠳᠡᠭᠦᠯᠦᠭᠰᠡᠨ ︽ᠳᠠᠭᠠᠵᠤ  ᠮᠦᠷᠳᠡᠬᠦ ᠵᠢᠷᠤᠮ ᠤᠨ ᠲᠤᠬᠠᠢ︾ ᠬᠠᠤᠯᠢ ᠶᠢᠨ ᠲᠥᠰᠥᠯ ᠨᠢ ᠬᠠᠤᠯᠢ ᠵᠦᠢ ᠶᠢᠨ ᠲᠧᠭᠨᠢᠭ ᠦᠨ ᠪᠣᠯᠤᠨ ᠤᠳᠬ᠎ᠠ ᠨᠠᠶᠢᠷᠠᠭᠤᠯᠭ᠎ᠠ ᠶᠢᠨ ᠠᠯᠳᠠᠭ᠎ᠠ ᠶᠡᠬᠡ ᠲᠡᠢ᠂ ᠪᠤᠰᠤᠳ ᠬᠠᠤᠯᠢ ᠲᠣᠭᠲᠠᠭᠠᠮᠵᠢ ᠨᠤᠭᠤᠳ ᠲᠠᠢ ᠤᠶᠠᠯᠳᠤᠭᠤᠯᠬᠤ ᠱᠠᠭᠠᠷᠳᠠᠯᠭ᠎ᠠ ᠲᠠᠢ᠂ ᠬᠣᠭᠣᠷᠣᠨᠳᠣ ᠪᠠᠨ ᠵᠥᠷᠢᠴᠡᠯᠲᠡᠢ ᠪᠠᠶᠢᠨ᠎ᠠ᠃ ᠡᠶᠢᠮᠦ ᠳᠦ ᠡᠳᠡᠭᠡᠷ ᠵᠥᠷᠢᠴᠡᠯ ᠢ ᠵᠠᠰᠠᠵᠤ ᠰᠠᠶᠢᠵᠢᠷᠠᠭᠤᠯᠤᠭᠠᠳ ᠬᠡᠯᠡᠯᠴᠡᠬᠦ ᠨᠢ ᠵᠦᠢᠲᠡᠢ ᠭᠡᠵᠦ ᠦᠵᠡᠯ᠎ᠡ᠃

ᠰᠡᠳᠬᠢᠭᠳᠡᠯ ᠦᠯᠡᠳᠡᠭᠡᠬᠦ