ᠰᠤᠶᠤᠯ ᠤᠨ ᠪᠡᠶᠡᠲᠦ ᠪᠤᠰᠤ ᠥᠪ ᠢ ᠰᠤᠷᠲᠠᠯᠴᠢᠯᠠᠵᠦ ᠪᠠᠶᠢᠨ᠎ᠠ  | News.MN

ᠰᠤᠶᠤᠯ ᠤᠨ ᠪᠡᠶᠡᠲᠦ ᠪᠤᠰᠤ ᠥᠪ ᠢ ᠰᠤᠷᠲᠠᠯᠴᠢᠯᠠᠵᠦ ᠪᠠᠶᠢᠨ᠎ᠠ 

ᠮᠣᠩᠭᠣᠯ ᠤᠯᠤᠰ ᠤᠨ ᠪᠡᠶᠡᠲᠦ ᠪᠤᠰᠤ ᠰᠤᠶᠤᠯ ᠤᠨ ᠥᠪ ᠦᠨ ᠲᠥᠯᠥᠭᠡᠯᠡᠯ ᠦᠨ ᠦᠨᠳᠦᠰᠦᠨ ᠦ ᠪᠦᠷᠢᠳᠬᠡᠯ ᠳᠦ ᠪᠦᠷᠢᠳᠬᠡᠭᠳᠡᠭᠰᠡᠨ 7 ᠠᠢ 279 ᠥᠪ᠂ ᠶᠠᠭᠠᠷᠠᠯᠲᠠᠢ ᠬᠠᠮᠠᠭᠠᠯᠠᠬᠤ ᠱᠠᠭᠠᠷᠳᠠᠯᠭ᠎ᠠ ᠲᠠᠢ ᠰᠤᠶᠤᠯ ᠤᠨ ᠪᠡᠶᠡᠲᠦ ᠪᠤᠰᠤ ᠥᠪ ᠦᠨ ᠦᠨᠳᠦᠰᠦᠨ ᠦ ᠪᠦᠷᠢᠳᠬᠡᠯ ᠳᠦ ᠪᠦᠷᠢᠳᠬᠡᠭᠳᠡᠭᠰᠡᠨ 7 ᠠᠢ 83 ᠥᠪ ᠢ 2019 ᠣᠨ ᠤ 11 ᠳ᠋ᠤᠭᠡᠷ ᠰᠠᠷ᠎ᠠ ᠶᠢᠨ 29 ᠍ ᠦ ᠡᠳᠦᠷ ᠦᠨ A/759 ᠳ᠋ᠤᠭᠠᠷ ᠰᠠᠶᠢᠳ ᠤᠨ ᠲᠤᠰᠢᠶᠠᠯ ᠢᠶᠠᠷ ᠰᠢᠨᠡᠴᠢᠯᠡᠨ ᠪᠦᠷᠢᠳᠬᠡᠭᠰᠡᠨ ᠪᠥᠭᠡᠳ ᠲᠤᠰ ᠰᠤᠶᠤᠯ ᠤᠨ ᠥᠪ ᠦᠳ ᠢ ᠢᠷᠭᠡᠳ᠂ ᠣᠯᠠᠨ ᠨᠡᠶᠢᠲᠡ ᠲᠡᠷᠡ ᠳᠤᠮᠳᠠ ᠪᠠᠨ ᠬᠡᠦᠬᠡᠳ ᠵᠠᠯᠠᠭᠤᠴᠤᠳ ᠲᠤ ᠰᠤᠷᠲᠠᠯᠴᠢᠯᠠᠨ ᠲᠠᠨᠢᠭᠤᠯᠬᠤ ᠡᠭᠦᠳᠡᠨ ᠡᠴᠡ ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ᠂ ᠨᠡᠶᠢᠰᠯᠡᠯ ᠦᠨ ᠰᠤᠶᠤᠯ᠂ ᠤᠷᠠᠯᠢᠭ ᠤᠨ ᠭᠠᠵᠠᠷ ᠠᠴᠠ 《ᠮᠣᠩᠭᠣᠯ ᠥᠪ ᠰᠤᠶᠤᠯ ᠤᠨ ᠭᠠᠶᠢᠬᠠᠮᠰᠢᠭ》 ᠬᠡᠮᠡᠬᠦ 7 ᠴᠤᠪᠤᠷᠠᠯ ᠨᠡᠪᠲᠡᠷᠡᠭᠦᠯᠭᠡ ᠶᠢ ᠰᠤᠶᠤᠯ ᠤᠨ ᠥᠪ ᠦᠨ ᠦᠨᠳᠦᠰᠦᠨ ᠦ ᠲᠥᠪ᠂ ᠮᠣᠩᠭᠣᠯ ᠤᠨ ᠦᠨᠳᠦᠰᠦᠨ ᠦ ᠣᠯᠠᠨ ᠨᠡᠶᠢᠲᠡ ᠶᠢᠨ ᠲᠧᠯᠧᠸᠢᠽ᠂ ᠮᠣᠩᠭᠣᠯ ᠤᠨ ᠰᠤᠶᠤᠯ ᠤᠨ ᠠᠶᠠᠯᠠᠯ ᠵᠢᠭᠤᠯᠴᠢᠯᠠᠯ ᠤᠨ ᠬᠣᠯᠪᠣᠭ᠎ᠠ ᠲᠥᠷᠥ ᠶᠢᠨ ᠪᠤᠰᠤ ᠪᠠᠶᠢᠭᠤᠯᠤᠯᠭ᠎ᠠ ᠲᠠᠢ ᠬᠠᠮᠲᠤᠷᠠᠨ ᠪᠦᠲᠦᠭᠡᠵᠦ ᠦᠵᠡᠭᠴᠢᠳ ᠲᠦ ᠬᠦᠷᠭᠡᠵᠦ ᠪᠠᠶᠢᠨ᠎ᠠ᠃
《ᠮᠣᠩᠭᠣᠯ ᠥᠪ ᠰᠤᠶᠤᠯ ᠤᠨ ᠭᠠᠶᠢᠬᠠᠮᠰᠢᠭ》 ᠬᠡᠮᠡᠬᠦ ᠲᠤᠰ ᠴᠤᠪᠤᠷᠠᠯ ᠨᠡᠪᠲᠡᠷᠡᠭᠦᠯᠭᠡ ᠶᠢᠨ ᠠᠩᠬᠠᠨ ᠤ ᠳ᠋ᠤᠭᠠᠷ  ᠢᠶᠠᠷ ᠠᠮᠠᠨ ᠠᠶᠠᠯᠭᠤ᠂ ᠮᠣᠩᠭᠣᠯ ᠪᠢᠴᠢᠭ᠂ ᠮᠣᠩᠭᠣᠯ ᠤᠷᠠᠨ ᠪᠢᠴᠢᠯᠭᠡ᠂ ᠦᠯᠢᠭᠡᠷ᠂ ᠳᠣᠮᠣᠭ᠂ ᠢᠷᠦᠭᠡᠯ᠂ ᠮᠠᠭᠲᠠᠭᠠᠯ᠂ ᠬᠡᠯᠡᠴᠡ ᠦᠭᠡ ᠵᠡᠷᠭᠡ 49 ᠥᠪ ᠦᠨ ᠲᠠᠯ᠎ᠠ ᠪᠠᠷ ᠦᠵᠡᠭᠦᠯᠬᠦ  ᠶᠤᠮ᠃ ᠡᠨᠡ ᠳᠠᠰᠢᠷᠠᠮ ᠳᠤ ᠰᠣᠨᠢᠷᠬᠠᠭᠤᠯᠬᠤ ᠳᠤ᠂ ︽ᠮᠣᠩᠭᠣᠯ ᠤᠯᠤᠰ ᠤᠨ ᠦᠨᠳᠦᠰᠦᠨ ᠦ ᠠᠶᠤᠯᠭᠦᠢ ᠪᠠᠶᠢᠳᠠᠯ ᠤᠨ ᠦᠵᠡᠯ ᠪᠠᠷᠢᠮᠲᠠᠯᠠᠯ ᠳᠤ︾ᠦᠨᠳᠦᠰᠦᠨ ᠦ ᠲᠡᠦᠬᠡ᠂ ᠬᠡᠯᠡ᠂ ᠰᠤᠶᠤᠯ᠂ ᠥᠪ ᠤᠯᠠᠮᠵᠢᠯᠠᠯ ᠢᠶᠠᠨ ᠬᠠᠳᠠᠭᠠᠯᠠᠵᠤ ᠬᠠᠮᠠᠭᠠᠯᠠᠵᠤ ᠬᠥᠭᠵᠢᠭᠦᠯᠬᠦ ᠨᠢ ᠮᠣᠩᠭᠣᠯ ᠦᠨᠳᠦᠰᠦᠲᠡᠨ ᠦ ᠣᠷᠣᠰᠢᠨ ᠲᠣᠭᠲᠠᠨᠢᠬᠤ ᠶᠢᠨ ᠦᠨᠳᠦᠰᠦ᠂ ᠠᠮᠢᠨ ᠴᠢᠬᠤᠯᠠ ᠳᠠᠷᠬᠠᠯᠠᠭ᠎ᠠ ᠭᠡᠵᠦ ᠵᠢᠭᠠᠭᠰᠠᠨ ᠪᠠᠶᠢᠳᠠᠭ᠃

ᠰᠡᠳᠬᠢᠭᠳᠡᠯ ᠦᠯᠡᠳᠡᠭᠡᠬᠦ