ᠪᠣᠳᠣᠯᠭ᠎ᠠ ᠶᠢᠨ ᠬᠦᠦ ᠶᠢ ᠵᠢᠷᠭᠤᠭᠠᠨ ᠬᠤᠪᠢ ᠪᠣᠯᠭᠠᠯ᠎ᠠ  | News.MN

ᠪᠣᠳᠣᠯᠭ᠎ᠠ ᠶᠢᠨ ᠬᠦᠦ ᠶᠢ ᠵᠢᠷᠭᠤᠭᠠᠨ ᠬᠤᠪᠢ ᠪᠣᠯᠭᠠᠯ᠎ᠠ 

ᠮᠥᠩᠭᠥᠨ ᠦ ᠪᠣᠳᠣᠯᠭ᠎ᠠ ᠶᠢᠨ ᠬᠣᠷᠢᠶ᠎ᠠ ᠥᠨᠥᠳᠥᠷ ᠡᠭᠡᠯᠵᠢᠲᠦ ᠪᠤᠰᠤ ᠪᠠᠷ ᠬᠤᠷᠠᠯᠳᠤᠵᠤ᠂ ᠪᠣᠳᠣᠯᠭ᠎ᠠ ᠶᠢᠨ ᠬᠦᠦ ᠶᠢ ᠬᠣᠶᠠᠷ ᠨᠢᠭᠡᠴᠡ ᠪᠡᠷ ᠪᠠᠭᠤᠷᠠᠭᠤᠯᠵᠤ ᠵᠢᠷᠭᠤᠭᠠᠨ ᠬᠤᠪᠢ ᠳᠤ ᠬᠦᠷᠭᠡᠬᠦ ᠪᠡᠷ ᠰᠢᠢᠳᠪᠦᠷᠢᠯᠡᠭᠰᠡᠨ ᠪᠠᠶᠢᠨ᠎ᠠ᠃ ᠮᠥᠨ ᠪᠠᠩᠬᠢᠨ ᠤ ᠵᠠᠪᠠᠯ ᠪᠠᠶᠢᠯᠭᠠᠬᠤ ᠨᠥᠭᠡᠴᠡ ᠶᠢᠨ ᠬᠡᠮᠵᠢᠶ᠎ᠡ ᠶᠢ 2.5 ᠬᠤᠪᠢ ᠪᠠᠷ ᠪᠠᠭᠤᠯᠭᠠᠵᠤ ᠵᠢᠷᠭᠤᠭᠠᠨ ᠬᠤᠪᠢ ᠳᠤ ᠬᠦᠷᠭᠡᠬᠦ ᠪᠡᠷ ᠲᠣᠭᠲᠠᠭᠠᠴᠠᠢ᠃ ᠡᠭᠦᠨ ᠡᠴᠡ ᠭᠠᠳᠠᠨ᠎ᠠ ᠵᠢᠭᠡᠯᠡ ᠶᠢᠨ ᠪᠦᠲᠦᠴᠡ ᠳᠦ ᠥᠭᠡᠷᠡᠴᠢᠯᠡᠯᠲᠡ ᠤᠷᠤᠭᠤᠯᠬᠤ ᠵᠣᠬᠢᠴᠠᠭᠤᠯᠤᠯᠲᠠ ᠶᠢᠨ ᠰᠢᠢᠳᠪᠦᠷᠢ ᠬᠡᠷᠡᠭᠵᠢᠬᠦ ᠬᠤᠭᠤᠴᠠᠭ᠎ᠠ ᠶᠢ 2021 ᠣᠨ ᠤ ᠳᠣᠯᠣᠳᠤᠭᠠᠷ ᠰᠠᠷ᠎ᠠ ᠶᠢᠨ ᠨᠢᠭᠡᠨ ᠬᠦᠷᠲᠡᠯ᠎ᠡ ᠪᠠᠶᠢᠬᠤ ᠪᠠᠷ ᠰᠢᠢᠳᠪᠦᠷᠢᠯᠡᠵᠡᠢ᠃ ᠲᠡᠭᠦᠨᠴᠢᠯᠡᠨ ᠵᠢᠵᠢᠭ᠂ ᠳᠤᠮᠳᠠ ᠦᠢᠯᠡᠳᠪᠦᠷᠢᠯᠡᠯ᠂ ᠠᠭᠤᠯᠠ ᠠᠭᠤᠷᠬᠠᠢ ᠶᠢᠨ ᠪᠤᠰᠤ ᠡᠺᠰᠫᠣᠷᠲ ᠢ ᠳᠡᠮᠵᠢᠬᠦ ᠳᠦ ᠵᠣᠷᠢᠭᠤᠯᠤᠭᠰᠠᠨ ᠤᠷᠲᠤ ᠬᠤᠭᠤᠴᠠᠭᠠᠲᠤ ᠳᠠᠬᠢᠨ  ᠰᠠᠩᠬᠦᠦᠵᠢᠯᠲᠡ  ᠶᠢᠨ ᠬᠡᠷᠡᠭᠰᠡᠯ ᠢ ᠨᠡᠪᠲᠡᠷᠡᠭᠦᠯᠬᠦ ᠪᠠᠭᠴᠠ ᠰᠢᠢᠳᠪᠦᠷᠢ ᠭᠠᠷᠭᠠᠯ᠎ᠠ᠃

ᠰᠡᠳᠬᠢᠭᠳᠡᠯ ᠦᠯᠡᠳᠡᠭᠡᠬᠦ