ᠬᠤᠳᠠᠯᠳᠤᠭᠠᠨ ᠤ ᠡᠷᠭᠢᠯᠲᠡ ᠶᠢ 10 ᠲᠡᠷᠪᠤᠮ ᠳ᠋ᠣᠯᠯᠠᠷ ᠲᠤ ᠬᠦᠷᠭᠡᠨ᠎ᠡ  | News.MN

ᠬᠤᠳᠠᠯᠳᠤᠭᠠᠨ ᠤ ᠡᠷᠭᠢᠯᠲᠡ ᠶᠢ 10 ᠲᠡᠷᠪᠤᠮ ᠳ᠋ᠣᠯᠯᠠᠷ ᠲᠤ ᠬᠦᠷᠭᠡᠨ᠎ᠡ 

 

ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠶᠢᠨ ᠠᠵᠢᠯᠯᠠᠭᠠᠨ ᠤ ᠮᠣᠩᠭᠣᠯ᠂ ᠬᠢᠲᠠᠳ ᠤᠨ ᠵᠠᠰᠠᠭ ᠤᠨ ᠭᠠᠵᠠᠷ ᠬᠣᠭᠣᠷᠣᠨᠳᠣ ᠶᠢᠨ ᠺᠣᠮᠢᠰ ᠤᠨ ᠠᠷᠪᠠᠨ ᠵᠢᠷᠭᠤᠳᠤᠭᠠᠷ ᠬᠤᠷᠠᠯᠳᠤᠭᠠᠨ ᠥᠨᠥᠳᠥᠷ ᠴᠠᠬᠢᠮ ᠢᠶᠠᠷ ᠪᠣᠯᠤᠯ᠎ᠠ᠃ ᠬᠤᠷᠠᠯᠳᠤᠭᠠᠨ ᠢ ᠮᠣᠩᠭᠣᠯ ᠤᠯᠤᠰ ᠤᠨ ᠰᠢᠳᠠᠷ ᠰᠠᠶᠢᠳ ᠶ ∙ ᠰᠤᠳᠤᠪᠠᠭᠠᠲᠤᠷ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠤᠳᠠᠯᠳᠤᠭᠠᠨ ᠤ ᠰᠠᠶᠢᠳ ᠵᠦᠩ ᠱᠠᠨ ᠬᠠᠮᠲᠤᠷᠠᠨ ᠳᠠᠷᠤᠭᠠᠯᠠᠵᠤ᠂ ᠬᠣᠶᠠᠷ ᠤᠯᠤᠰ ᠤᠨ  ᠬᠤᠯᠪᠤᠭᠳᠠᠬᠤ ᠶᠠᠮᠤᠨ᠂ ᠪᠠᠶᠢᠭᠤᠯᠤᠯᠭ᠎ᠠ ᠶᠢᠨ ᠲᠥᠯᠥᠭᠡᠯᠡᠯ ᠤᠷᠤᠯᠴᠠᠪᠠ᠃
ᠬᠤᠷᠠᠯᠳᠤᠭᠠᠨ  ᠢᠶᠠᠷ《ᠲᠠᠯ᠎ᠠ ᠶᠢᠨ ᠵᠠᠮ》 ᠪᠣᠯᠤᠨ 《ᠪᠥᠰᠡ ᠪᠠ ᠵᠠᠮ》 ᠰᠠᠨᠠᠭᠠᠴᠢᠯᠠᠭ᠎ᠠ ᠶᠢᠨ ᠪᠦᠲᠦᠭᠡᠨ ᠪᠠᠶᠢᠭᠤᠯᠬᠤ ᠠᠵᠢᠯ ᠢ ᠤᠷᠤᠭᠰᠢᠯᠠᠭᠤᠯᠬᠤ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠲᠥᠯᠥᠪᠯᠡᠭᠡ ᠶᠢ ᠰᠢᠨ᠎ᠡ ᠠᠭᠤᠯᠭ᠎ᠠ ᠪᠠᠷ ᠪᠠᠶᠠᠵᠢᠭᠤᠯᠤᠨ ᠬᠡᠷᠡᠭᠵᠢᠭᠦᠯᠬᠦ᠂ 《ᠮᠣᠩᠭᠣᠯ᠂ ᠬᠢᠲᠠᠳ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠳᠤᠮᠳᠠ ᠬᠤᠭᠤᠴᠠᠭᠠᠨ ᠤ ᠬᠥᠲᠥᠯᠪᠦᠷᠢ》 ᠶᠢ ᠰᠢᠨᠡᠴᠢᠯᠡᠨ ᠪᠠᠶᠢᠭᠤᠯᠬᠤ ᠪᠠᠷ ᠲᠣᠬᠢᠷᠠᠯᠴᠠᠪᠠ᠃ ᠬᠣᠶᠠᠷ ᠤᠯᠤᠰ ᠤᠨ ᠬᠤᠳᠠᠯᠳᠤᠭᠠᠨ ᠤ ᠡᠷᠭᠢᠯᠲᠡ ᠶᠢ 10 ᠲᠡᠷᠪᠤᠮ ᠳ᠋ᠣᠯᠯᠠᠷ ᠲᠤ ᠬᠦᠷᠭᠡᠬᠦ ᠵᠤᠷᠢᠯᠲᠠ ᠳᠤ ᠡᠷᠲᠡ ᠬᠦᠷᠬᠦ ᠶᠢᠨ ᠲᠥᠯᠥᠭᠡ ᠢᠳᠡᠪᠬᠢᠲᠡᠢ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠪᠡ᠃ ᠮᠣᠩᠭᠣᠯ᠂ ᠬᠢᠲᠠᠳ ᠤᠨ ᠬᠢᠯᠢ ᠶᠢᠨ ᠪᠣᠭᠣᠮᠲᠠ ᠶᠢᠨ 《ᠨᠣᠭᠣᠭᠠᠨ ᠭᠠᠷᠴᠠ》 ᠲᠦᠷ ᠵᠢᠷᠤᠮ ᠵᠡᠷᠭᠡ ᠠᠷᠭ᠎ᠠ ᠬᠡᠮᠵᠢᠶ᠎ᠡ ᠶᠢ ᠴᠢᠨᠠᠭᠰᠢᠳᠠ ᠴᠤ ᠲᠣᠭᠲᠠᠪᠤᠷᠢᠲᠠᠢ ᠬᠡᠷᠡᠭᠵᠢᠭᠦᠯᠬᠦ ᠪᠡᠨ ᠨᠣᠲᠠᠯᠠᠪᠠ᠃
ᠭᠠᠰᠢᠭᠤᠨᠰᠤᠬᠠᠢᠲᠤ ᠭᠠᠭᠴᠠ ᠮᠤᠳᠤ ᠪᠣᠭᠣᠮᠲᠠ ᠶᠢᠨ ᠲᠡᠮᠦᠷ ᠵᠠᠮ ᠤᠨ ᠤᠯᠤᠰ ᠤᠨ ᠬᠢᠯᠢ ᠨᠡᠪᠲᠡᠷᠡᠬᠦ ᠴᠡᠭ ᠢ ᠲᠣᠬᠢᠷᠠᠯᠴᠠᠬᠤ᠂ 《ᠮᠣᠩᠭᠣᠯ-ᠬᠢᠲᠠᠳ ᠤᠨ ᠬᠢᠯᠢ ᠶᠢᠨ ᠲᠡᠮᠦᠷ ᠵᠠᠮ ᠤᠨ ᠬᠡᠯᠡᠯᠴᠡᠭᠡᠷ》 ᠍ ᠢ ᠰᠢᠨᠡᠴᠢᠯᠡᠨ ᠪᠠᠶᠢᠭᠤᠯᠬᠤ᠂ ᠲᠡᠮᠦᠷ ᠵᠠᠮ ᠤᠨ ᠬᠠᠩᠭᠢ-ᠮᠠᠨᠳᠤᠯ ᠪᠣᠭᠣᠮᠲᠠ ᠨᠡᠭᠡᠭᠡᠬᠦ ᠵᠡᠷᠭᠡ ᠠᠰᠠᠭᠤᠳᠠᠯ ᠢᠶᠠᠷ ᠰᠠᠨᠠᠯ ᠰᠤᠯᠢᠯᠴᠠᠪᠠ᠃

ᠰᠡᠳᠬᠢᠭᠳᠡᠯ ᠦᠯᠡᠳᠡᠭᠡᠬᠦ