ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠭᠰᠠᠨ ᠡᠳᠦᠷ ᠲᠣᠬᠢᠶᠠᠵᠤ ᠪᠠᠶᠢᠨ᠎ᠠ  | News.MN

ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠭᠰᠠᠨ ᠡᠳᠦᠷ ᠲᠣᠬᠢᠶᠠᠵᠤ ᠪᠠᠶᠢᠨ᠎ᠠ 

ᠲᠡᠷᠲᠡᠭᠡᠬᠢ 1924 ᠣᠨ ᠤ ᠠᠷᠪᠠᠨ ᠨᠢᠭᠡᠳᠦᠭᠡᠷ ᠰᠠᠷ᠎ᠠ ᠶᠢᠨ 26 ᠪᠤᠶᠤ ᠥᠨᠥᠳᠥᠷ ᠮᠣᠩᠭᠣᠯ ᠤᠯᠤᠰ ᠪᠦᠭᠦᠳᠡ ᠨᠠᠶᠢᠷᠠᠮᠳᠠᠬᠤ ᠤᠯᠤᠰ ᠪᠣᠯᠵᠤ᠂ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠭᠰᠠᠨ ᠲᠡᠦᠬᠡᠨ ᠲᠡᠮᠳᠡᠭᠯᠡᠯᠲᠦ ᠡᠳᠦᠷ ᠪᠣᠯᠵᠤ ᠪᠠᠶᠢᠪᠠ᠃ ᠲᠡᠦᠬᠡ ᠶᠢ ᠰᠥᠬᠦᠪᠡᠯ ᠤᠯᠤᠰ ᠤᠨ ᠠᠩᠬᠠᠳᠤᠭᠠᠷ ᠶᠡᠬᠡ ᠬᠤᠷᠠᠯ 1924 ᠣᠨ ᠤ 9 ᠳ᠋ᠤᠭᠡᠷ ᠰᠠᠷ᠎ᠠ ᠶᠢᠨ 8 ᠍ ᠳᠦ ᠨᠡᠶᠢᠰᠯᠡᠯ ᠬᠦᠷᠢᠶᠡᠨ ᠳᠦ ᠡᠬᠢᠯᠡᠵᠦ᠂ ᠬᠠᠯᠬ᠎ᠠ ᠶᠢᠨ 4᠂ ᠳᠥᠷᠪᠡᠳ ᠦᠨ 2 ᠠᠶᠢᠮᠠᠭ᠂ ᠠᠯᠲᠠᠢ᠂ ᠬᠥᠪᠰᠥᠭᠥᠯ ᠦᠨ ᠤᠷᠢᠶᠠᠩᠬᠠᠢ ᠬᠣᠱᠤᠳ᠂ ᠳᠠᠷᠢᠭᠠᠩᠭ᠎ᠠ᠂ ᠬᠣᠪᠳᠣ ᠶᠢᠨ ᠲᠠᠷᠢᠶᠠᠴᠢᠨ ᠬᠣᠰᠢᠭᠤ ᠪᠣᠯᠤᠨ ᠠᠷᠠᠳ ᠤᠨ ᠴᠡᠷᠢᠭ ᠦᠨ ᠠᠩᠭᠢ ᠨᠤᠭᠤᠳ ᠠᠴᠠ ᠨᠡᠶᠢᠲᠡ 77 ᠬᠦᠮᠦᠨ ᠶᠡᠬᠡ ᠬᠤᠷᠠᠯ ᠳᠤ ᠲᠥᠯᠥᠭᠡᠯᠡᠭᠴᠢ ᠪᠡᠷ ᠣᠷᠣᠯᠴᠠᠵᠠᠢ᠃ ᠶᠡᠬᠡ ᠬᠤᠷᠠᠯ ᠢᠶᠠᠷ ᠣᠯᠠᠨ ᠴᠢᠬᠤᠯᠠ ᠠᠰᠠᠭᠤᠳᠠᠯ ᠬᠡᠯᠡᠯᠴᠡᠭᠰᠡᠨ ᠦ ᠳᠣᠲᠣᠷ᠎ᠠ ᠠᠩᠬᠠᠳᠤᠭᠠᠷ ᠦᠨᠳᠦᠰᠦᠨ ᠬᠠᠤᠯᠢ ᠶᠢ ᠰᠠᠨᠠᠯ ᠨᠢᠭᠡᠲᠡᠢ ᠪᠠᠲᠤᠯᠠᠭᠰᠠᠨ ᠶᠠᠪᠤᠳᠠᠯ ᠶᠤᠮ᠃ ᠡᠨᠡ ᠦᠢᠯᠡ ᠶᠠᠪᠤᠳᠠᠯ ᠨᠢ ᠡᠷᠬᠡ ᠴᠢᠯᠦᠭᠡᠲᠦ ᠮᠣᠩᠭᠣᠯᠴᠤᠳ ᠤᠨ ᠵᠣᠷᠢᠯᠭ᠎ᠠ ᠶᠢ ᠲᠣᠳᠣᠷᠬᠠᠶᠢᠯᠠᠭᠠᠳ ᠵᠣᠭᠰᠣᠬᠤ ᠦᠭᠡᠢ᠂ ᠪᠡᠶ᠎ᠡ ᠳᠠᠭᠠᠭᠠᠭᠰᠠᠨ ᠲᠤᠰᠠᠭᠠᠷ ᠤᠯᠤᠰ ᠭᠡᠳᠡᠭ ᠢ ᠲᠠᠮᠠᠭᠠᠯᠠᠭᠰᠠᠨ ᠦᠢᠯᠡ ᠶᠠᠪᠤᠳᠠᠯ ᠪᠣᠯᠤᠭᠰᠠᠨ ᠢ ᠲᠡᠦᠬᠡᠴᠢᠳ ᠦᠭᠦᠯᠡᠳᠡᠭ᠃
ᠡᠯ᠎ᠡ ᠡᠳᠦᠷ ᠢ 2016 ᠣᠨ ᠤ ᠠᠷᠪᠠᠨ ᠨᠢᠭᠡᠳᠦᠭᠡᠷ ᠰᠠᠷ᠎ᠠ ᠶᠢᠨ 18 ᠍ ᠳᠦ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠢᠶᠠᠷ ︽ᠨᠡᠶᠢᠲᠡ ᠪᠡᠷ ᠲᠡᠮᠳᠡᠭᠯᠡᠬᠦ ᠪᠠᠶᠠᠷ ᠤᠨ ᠪᠣᠯᠤᠨ ᠲᠡᠮᠳᠡᠭᠯᠡᠯᠲᠦ ᠡᠳᠦᠷ ᠦᠳ ᠦᠨ ᠲᠤᠬᠠᠢ︾ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠵᠤ᠂ ᠪᠦᠬᠦ ᠨᠡᠶᠢᠲᠡ ᠶᠢᠨ ᠠᠮᠠᠷᠠᠯᠲᠠ ᠶᠢᠨ ᠡᠳᠦᠷ ᠪᠣᠯᠭᠠᠭᠰᠠᠨ ᠪᠠᠶᠢᠳᠠᠭ᠃

ᠰᠡᠳᠬᠢᠭᠳᠡᠯ ᠦᠯᠡᠳᠡᠭᠡᠬᠦ